ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠠᠮᠢᠶᠠᠷᠤᠯᠲᠠ ᠶᠢᠨ ᠳᠦᠷᠢᠮ ︵ | DB15/T3175-2023︶ | 1 ᠶᠡᠷᠦᠩᠬᠡᠢ ᠳᠦᠷᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢᠨ ᠵᠠᠰᠠᠯᠲᠠ ᠶᠢ ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠰᠠᠶᠢᠵᠢᠷᠠᠭᠤᠯᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ | ᠪᠠᠶᠢᠭ᠎ᠠ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ | ᠵᠡᠷᠭᠡ ᠲᠣᠭᠲᠠᠭᠠᠯ ᠢ ᠲᠤᠳᠤᠷᠬᠠᠶᠢᠯᠠᠬᠤ ᠶᠢᠨ ᠲᠦᠯᠦᠭᠡ᠂ ᠲᠣᠰ ᠳᠦᠷᠢᠮ ᠳᠤ ᠵᠠᠰᠠᠪᠤᠷᠢ ᠤᠷᠤᠭᠤᠯᠪᠠ᠃ | ᠬᠤᠭ ᠨᠣᠪᠰᠢ ᠶᠢᠨ ᠠᠩᠭᠢᠯᠠᠯ ᠢ ᠰᠠᠶᠢᠲᠤᠷ ᠬᠢᠬᠦ ᠬᠡᠷᠡᠭᠲᠡᠢ | ᠲᠣᠰ ᠳᠦᠷᠢᠮ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠢᠴᠢ ᠬᠠᠮᠢᠶᠠᠷᠤᠯᠳᠠ ᠶᠢᠨ ᠱᠠᠭᠠᠷᠳᠠᠯᠭ᠎ᠠ ᠶᠢ ᠲᠣᠭᠲᠠᠭᠠᠵᠤ᠂ | ᠡᠰᠢ ᠰᠦᠷᠡᠯ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ᠂ ᠭᠦᠷᠦᠮᠡᠯ ᠤᠭᠤᠲᠠ᠂ ᠭᠡᠷ ᠪᠦᠯᠢ ᠶᠢᠨ ᠲᠡᠵᠢᠭᠡᠨ | ᠦᠷᠡᠵᠢᠭᠦᠯᠬᠦ ᠬᠠᠶᠠᠭᠳᠠᠮᠠᠯ ᠡᠪᠡᠰᠦ ᠪᠣᠷᠳᠤᠭ᠎ᠠ᠂ ᠠᠮᠢᠲᠠᠨ ᠤ ᠪᠠᠭᠠᠰᠤ ᠰᠢᠭᠡᠰᠦ ᠵᠡᠷᠭᠡ | ᠲᠠᠷᠢᠶᠠᠯᠠᠩ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠠᠮᠢᠳᠤᠷᠠᠯ ᠤᠨ ᠬᠤᠭ ᠨᠣᠪᠰᠢ ᠳᠤ ᠪᠠᠭ᠎ᠠ ᠬᠡᠮᠵᠢᠶ᠎ᠡ ᠪᠠᠷ | ᠬᠤᠯᠢᠯᠳᠤᠭᠤᠯᠤᠨ ᠣᠷᠣᠭᠤᠯᠵᠤ᠂ ᠲᠥᠷᠥᠯ ᠬᠤᠪᠢᠶᠠᠬᠤ ᠳᠤ ᠬᠦᠴᠢᠷᠲᠡᠢ ᠶᠢ ᠲᠣᠰ ᠳᠦᠷᠢᠮ ᠤᠨ ᠬᠡᠪᠴᠢᠶᠡᠨ ᠳᠤ | ᠣᠷᠣᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠳᠤ ᠲᠣᠰ ᠳᠦᠷᠢᠮ ᠳᠤ | ᠨᠡᠶᠢᠴᠡᠬᠦ ᠠᠴᠠ ᠭᠠᠳᠠᠨ᠎ᠠ᠂ ᠪᠠᠰᠠ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ | ᠪᠠᠶᠢᠭ᠎ᠠ ᠬᠤᠯᠪᠣᠭᠳᠠᠯ ᠪᠦᠬᠦᠢ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠰᠢᠨ᠎ᠡ ᠪᠠᠷ | ᠨᠡᠶᠢᠲᠡᠯᠡᠭᠰᠡᠨ ᠤᠯᠤᠰ ᠪᠤᠶᠤ ᠣᠷᠣᠨ ᠨᠤᠲᠤᠭ ᠤᠨ ᠪᠠᠷᠢᠮᠵᠢᠶ᠎ᠠ ᠳᠠᠬᠢ ᠬᠤᠯᠪᠣᠭᠳᠠᠯ ᠪᠦᠬᠦᠢ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠱᠠᠭᠠᠷᠳᠠᠯᠭ᠎ᠠ ᠨᠢ ᠲᠣᠰ ᠳᠦᠷᠢᠮ ᠠᠴᠠ ᠴᠢᠩᠭ᠎ᠠ ᠪᠠᠶᠢᠪᠠᠯ᠂ | ᠰᠢᠨ᠎ᠡ ᠪᠠᠷᠢᠮᠵᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ | 2 ᠨᠡᠷ᠎ᠡ ᠲᠣᠮᠢᠶ᠎ᠠ | ᠲᠣᠰ ᠳᠦᠷᠢᠮ ᠳᠤ ᠳᠤᠷᠠᠳᠤᠭᠰᠠᠨ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠠᠮᠢᠶ᠎ᠠ ᠪᠦᠬᠦᠢ ᠨᠡᠷ᠎ᠡ | ᠲᠣᠮᠢᠶ᠎ᠠ ᠶᠢ ᠲᠠᠶᠢᠯᠪᠤᠷᠢᠯᠠᠨ᠎ᠠ᠂ ᠡᠭᠦᠨ ᠳᠤ᠄ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ | ᠡᠭᠡᠭᠦᠯᠦᠨ ᠬᠤᠷᠢᠶᠠᠵᠤ ᠪᠣᠯᠬᠤ ᠪᠣᠳᠠᠰ᠂ ᠲᠣᠭᠤᠭᠠᠨ ᠭᠡᠷ ᠤᠨ ᠬᠤᠭ ᠨᠣᠪᠰᠢ᠂ ᠬᠥᠨᠥᠭᠡᠯᠲᠡᠢ ᠬᠤᠭ ᠨᠣᠪᠰᠢ᠂ | ᠪᠤᠰᠤᠳ ᠬᠤᠭ ᠨᠣᠪᠰᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ᠂ ᠬᠤᠭ | ᠨᠣᠪᠰᠢ ᠶᠢ ᠬᠤᠷᠢᠶᠠᠨ ᠴᠤᠭᠯᠠᠭᠤᠯᠬᠤ ᠪᠡᠯᠡᠳᠬᠡᠮᠵᠢ ᠲᠥᠬᠦᠭᠡᠷᠦᠮᠵᠢ᠂ ᠬᠤᠭ ᠨᠣᠪᠰᠢ ᠶᠢ ᠳᠠᠮᠵᠢᠭᠤᠯᠤᠨ | ᠲᠡᠭᠡᠭᠡᠪᠦᠷᠢᠯᠡᠬᠦ ᠪᠡᠯᠡᠳᠬᠡᠮᠵᠢ ᠲᠥᠬᠦᠭᠡᠷᠦᠮᠵᠢ᠂ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ᠂ | ᠠᠷᠢᠭᠤᠨ ᠴᠡᠪᠡᠷ ᠢᠶᠠᠷ ᠪᠤᠯᠠᠬᠤ᠂ ᠬᠠᠯᠠᠭᠠᠵᠤ ᠵᠠᠳᠠᠷᠠᠭᠤᠯᠵᠤ ᠬᠡᠶᠢᠵᠢᠭᠦᠯᠬᠦ᠂ ᠰᠢᠲᠠᠭᠠᠬᠤ᠂ ᠪᠣᠷᠳᠣᠭᠤᠷ ᠪᠤᠯᠭᠠᠬᠤ | ᠵᠡᠷᠭᠡ 13 ᠨᠡᠷ᠎ᠡ ᠦᠭᠡ ᠪᠠᠭᠲᠠᠨ᠎ᠠ᠃ | 3 ᠦᠨᠳᠦᠰᠦᠨ ᠲᠣᠭᠲᠠᠭᠠᠯ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠳᠤ ︽ᠵᠠᠰᠠᠭ ᠤᠨ ᠣᠷᠳᠣᠨ | ᠠᠴᠠ ᠠᠬᠢᠭᠤᠯᠬᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠬᠦᠮ ᠪᠥᠭᠡᠳ ᠬᠡᠷᠡᠭᠵᠢᠭᠦᠯᠬᠦ ᠳᠤ ᠬᠢᠯᠪᠠᠷ︾ | ᠪᠠᠶᠢᠬᠤ ᠵᠠᠷᠴᠢᠮ ᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ | ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠭᠦᠯᠦᠨ ᠠᠬᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠴᠤᠭᠯᠠᠭᠤᠯᠬᠤ᠂ | ᠲᠡᠭᠡᠭᠡᠪᠦᠷᠢᠯᠡᠬᠦ᠂ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠬᠢᠮᠳᠠ ᠪᠥᠭᠡᠳ | ᠲᠤᠬᠢᠷᠠᠮᠵᠢᠳᠠᠢ᠂ ᠠᠵᠢᠯᠯᠠᠬᠤ ᠳᠤ ᠲᠥᠬᠦᠮ ᠪᠠᠶᠢᠬᠤ ᠵᠠᠷᠴᠢᠮ ᠢ ᠵᠢᠷᠤᠮᠯᠠᠨ᠎ᠠ᠂ ᠬᠤᠲᠠ ᠶᠢᠨ ᠵᠠᠭᠪᠤᠷ ᠪᠠ | ᠪᠠᠷᠢᠮᠵᠢᠶ᠎ᠠ ᠶᠢ ᠳᠥᠭᠦᠮᠬᠡᠨ ᠢᠶᠠᠷ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠤᠯᠬᠤ ᠦᠭᠡᠢ᠃ | ᠠᠶᠢᠯ ᠲᠣᠰᠬᠤᠨ ᠪᠠ ᠰᠠᠭᠤᠭᠠᠯᠢ ᠡᠷᠦᠬᠡ ᠶᠢᠨ ᠲᠠᠷᠬᠠᠯᠲᠠ᠂ ᠲᠤᠬᠠᠢ ᠶᠢᠨ ᠭᠠᠵᠠᠷ ᠤᠨ ᠠᠵᠤ ᠠᠬᠤᠢ ᠶᠢᠨ | ᠪᠠᠶᠢᠳᠠᠯ᠂ ᠬᠥᠮᠥᠨ ᠠᠮᠠ ᠶᠢᠨ ᠬᠡᠪᠴᠢᠶ᠎ᠡ᠂ ᠵᠠᠮ ᠬᠠᠷᠢᠯᠴᠠᠭ᠎ᠠ ᠶᠢᠨ ᠨᠥᠬᠦᠴᠡᠯ᠂ ᠲᠡᠭᠡᠭᠡᠪᠦᠷᠢ ᠶᠢᠨ ᠵᠠᠢ ᠵᠡᠷᠭᠡ | ᠬᠦᠴᠦᠨ ᠵᠦᠢᠯ ᠢ ᠦᠨᠳᠦᠰᠦᠯᠡᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠰᠢᠰᠲ᠋ᠧᠮᠵᠢ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠭᠳᠠᠭᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠵᠠᠩ ᠳᠠᠳᠬᠠᠯ ᠢ | ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠥᠭᠦᠮ ᠬᠢᠯᠪᠠᠷ ᠬᠡᠷᠡᠭᠵᠢᠭᠦᠯᠵᠦ ᠪᠤᠯᠬᠤ ᠬᠤᠭ | ᠨᠣᠪᠰᠢ ᠶᠢ ᠲᠥᠷᠥᠯ ᠬᠤᠪᠢᠶᠠᠬᠤ ᠪᠠ ᠬᠤᠣᠷ ᠦᠭᠡᠶᠢᠵᠢᠭᠦᠯᠦᠨ ᠰᠢᠢᠳᠪᠦᠷᠢᠯᠡᠬᠦ ᠠᠷᠭ᠎ᠠ ᠶᠢ ᠰᠤᠩᠭᠤᠨ᠎ᠠ᠃ | ᠲᠣᠭᠤᠭᠠᠨ ᠭᠡᠷ ᠤᠨ ᠬᠤᠭ ᠨᠣᠪᠰᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠣᠷᠭᠠᠨᠢᠭ | ᠬᠠᠶᠠᠭᠳᠠᠮᠠᠯ ᠪᠣᠳᠠᠰ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠪᠠᠯ | ᠵᠣᠬᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ᠂ ᠪᠠᠷᠢᠯᠭ᠎ᠠ ᠶᠢᠨ ᠬᠤᠭ | ᠨᠣᠪᠰᠢ ᠶᠢ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠲᠤ ᠬᠤᠯᠢᠯᠳᠠᠭᠤᠯᠤᠨ | ᠣᠷᠣᠭᠤᠯᠵᠤ ᠪᠣᠯᠬᠤ ᠦᠭᠡᠢ᠂ ᠠᠵᠤ ᠦᠢᠯᠡᠳᠪᠦᠷᠢ ᠶᠢᠨ ᠬᠤᠭ ᠨᠣᠪᠰᠢ᠂ ᠡᠮᠴᠢᠯᠡᠭᠡᠨ ᠤ ᠬᠠᠶᠠᠭᠳᠠᠮᠠᠯ ᠪᠣᠳᠠᠰ᠂ | ᠠᠶᠤᠯᠲᠠᠢ ᠬᠠᠶᠠᠭᠳᠠᠮᠠᠯ ᠪᠣᠳᠠᠰ᠂ ᠠᠮᠢᠳᠠᠨ ᠤ ᠦᠬᠦᠳᠡᠯ ᠢ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠰᠢᠰᠲ᠋ᠧᠮ ᠲᠤ ᠬᠤᠯᠢᠯᠳᠠᠭᠤᠯᠤᠨ ᠣᠷᠣᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠪᠣᠯᠪᠠᠰᠤᠷᠠᠩᠭᠤᠢ ᠪᠥᠭᠡᠳ ᠨᠠᠶᠢᠳᠠᠪᠤᠷᠢᠲᠠᠢ᠂ ᠬᠢᠮᠳᠠ ᠪᠥᠭᠡᠳ ᠲᠣᠬᠢᠷᠠᠮᠵᠢᠲᠠᠢ᠂ ᠠᠵᠢᠯᠯᠠᠭᠠᠨ ᠨᠢ | ᠲᠣᠭᠲᠠᠪᠤᠷᠢᠲᠠᠢ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠮᠡᠷᠭᠡᠵᠢᠯ ᠢ ᠬᠡᠷᠡᠭᠯᠡᠵᠦ᠂ ᠦᠵᠦᠭᠦᠷ ᠤᠨ | ᠰᠢᠢᠳᠪᠦᠷᠢᠯᠡᠬᠦ ᠪᠡᠯᠡᠳᠬᠡᠮᠵᠢ ᠨᠢ ᠪᠣᠬᠢᠷᠲᠤᠯ ᠢ ᠡᠵᠡᠮᠳᠡᠬᠦ᠂ ᠠᠮᠤᠷ ᠲᠦᠪᠰᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ | ᠨᠡᠶᠢᠴᠡᠭᠰᠡᠨ ᠪᠠᠶᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠭᠠᠳᠠᠭᠰᠢᠯᠠᠭᠤᠯᠬᠤ | ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠢ᠂ ᠵᠠᠳᠠᠭᠠᠢ ᠣᠪᠣᠭᠠᠯᠠᠬᠤ᠂ ᠵᠠᠳᠠᠭᠠᠢ ᠰᠢᠲᠠᠭᠠᠬᠤ ᠵᠡᠷᠭᠡ ᠰᠢᠢᠳᠪᠦᠷᠢᠯᠡᠬᠦ | ᠠᠷᠭ᠎ᠠ ᠮᠠᠶ᠋ᠢᠭ ᠢ ᠬᠡᠷᠡᠭᠯᠡᠵᠦ ᠪᠣᠯᠬᠤ ᠦᠭᠡᠢ᠂ ᠰᠢᠢᠳᠪᠦᠷᠢᠯᠡᠬᠦ ᠶᠠᠪᠤᠴᠠ ᠳᠤ ᠬᠤᠶᠠᠳᠠᠭᠢ ᠤᠳᠠᠭᠠᠨ ᠤ ᠪᠣᠬᠢᠷᠲᠤᠯ ᠢ | ᠪᠣᠶ ᠪᠣᠯᠭᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠭᠤᠣᠯ ᠨᠠᠭᠤᠷ᠂ ᠨᠠᠭᠤᠷ ᠴᠥᠭᠦᠷᠥᠮ ᠵᠡᠷᠭᠡ ᠤᠰᠤᠨ ᠣᠷᠣᠨ ᠳᠤ ᠬᠤᠭ ᠨᠣᠪᠰᠢ ᠬᠠᠶᠠᠬᠤ ᠶᠢ ᠴᠢᠩᠭ᠎ᠠ | ᠴᠠᠭᠠᠵᠠᠯᠠᠨ᠎ᠠ᠃ ᠠᠮᠢᠳᠤᠷᠠᠯ ᠤᠨ ᠬᠤᠭ ᠨᠣᠪᠰᠢ ᠪᠣᠯᠣᠨ ᠪᠠᠷᠢᠯᠭ᠎ᠠ ᠶᠢᠨ ᠬᠤᠭ ᠨᠣᠪᠰᠢ ᠶᠢ ᠬᠤᠯᠢᠯᠳᠤᠭᠤᠯᠤᠨ | ᠣᠪᠣᠭᠠᠯᠠᠬᠤ ᠪᠠ ᠰᠢᠢᠳᠪᠦᠷᠢᠯᠡᠬᠦ ᠶᠢ ᠴᠢᠩᠭ᠎ᠠ ᠴᠠᠭᠠᠵᠢᠯᠠᠨ᠎ᠠ᠃ ᠲᠥᠷᠥᠯ ᠬᠤᠪᠢᠶᠠᠭᠰᠠᠨ ᠦᠭᠡᠢ | ᠠᠮᠢᠳᠤᠷᠠᠯ ᠤᠨ ᠬᠤᠭ ᠨᠣᠪᠰᠢ ᠶᠢ ᠪᠠᠷᠢᠯᠭ᠎ᠠ ᠶᠢᠨ ᠡᠭᠡᠭᠦᠯᠦᠨ ᠪᠦᠭᠯᠡᠬᠦ ᠰᠢᠷᠣᠢ ᠪᠣᠯᠭᠠᠵᠤ ᠵᠠᠮ ᠪᠠ ᠭᠡᠷ ᠪᠠᠶᠢᠰᠢᠩ ᠤᠨ | ᠰᠠᠭᠤᠷᠢ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠣᠯᠬᠤ ᠦᠭᠡᠢ᠃ | ᠠᠵᠢᠯᠲᠠᠨ ᠂ ᠴᠤᠭᠯᠠᠭᠤᠯᠬᠤ ᠪᠠ ᠲᠡᠭᠡᠭᠡᠪᠦᠷᠢᠯᠡᠬᠦ ᠪᠡᠯᠡᠳᠭᠡᠮᠵᠢ ᠲᠥᠬᠦᠭᠡᠷᠦᠮᠵᠢ ᠶᠢ ᠵᠦᠢ ᠵᠣᠬᠢᠰᠲᠠᠢ ᠪᠠᠷ | ᠲᠤᠬᠢᠷᠠᠭᠤᠯᠤᠨ᠎ᠠ᠃ ᠨᠥᠬᠦᠴᠡᠯ ᠲᠠᠢ ᠲᠠᠷᠢᠶᠠᠯᠠᠬᠤ ᠮᠠᠯᠵᠢᠬᠤ ᠣᠷᠣᠨ ᠳᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡ ᠶᠢ ᠬᠡᠷᠡᠭᠯᠡᠵᠦ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠺᠣᠮᠫᠠᠨᠢ ᠳᠤ ᠨᠠᠶᠢᠳᠠᠨ ᠬᠤᠷᠢᠶᠠᠨ ᠲᠡᠭᠡᠭᠡᠪᠦᠷᠢᠯᠡᠬᠦ ᠪᠤᠶᠤ ᠰᠢᠢᠳᠪᠦᠷᠢᠯᠡᠭᠦᠯᠵᠦ | ᠪᠣᠯᠣᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠢᠶᠠᠩ ᠪᠠᠯᠭᠠᠰᠤ ︵ᠰᠤᠮᠤ︶ ᠨᠤᠭᠤᠳ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠪᠠ ᠠᠵᠢᠯᠯᠠᠭᠠᠨ ᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠬᠤᠭ | ᠨᠣᠪᠰᠢ ᠶᠢ ᠵᠠᠰᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | 4 ᠪᠡᠯᠡᠳᠬᠡᠮᠵᠢ ᠶᠢᠨ ᠲᠥᠯᠦᠪᠵᠢᠭᠦᠯᠭᠡ ᠬᠢᠭᠡᠳ ᠪᠦᠲᠦᠭᠡᠨ ᠪᠠᠶᠢᠭᠤᠯᠤᠯᠲᠠ | ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠤᠰᠬᠠᠢ ᠵᠦᠢᠯ ᠤᠨ ᠲᠥᠯᠦᠪᠵᠢᠭᠦᠯᠭᠡ ᠶᠢ ᠦᠨᠳᠦᠰᠦᠯᠡᠨ᠂ ᠬᠤᠷᠢᠶᠠᠨ | ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢᠨ ᠲᠤᠭ᠎ᠠ ᠬᠡᠮᠵᠢᠶ᠎ᠡ ᠶᠢ ᠵᠦᠢ ᠵᠣᠬᠢᠰᠲᠠᠢ | ᠲᠣᠬᠢᠷᠠᠭᠤᠯᠬᠤ ᠪᠠ ᠪᠠᠶᠢᠷᠢᠰᠢᠭᠤᠯᠵᠤ᠂ ᠵᠠᠰᠠᠭ ᠵᠠᠬᠢᠷᠭᠠᠨ ︵ᠭᠠᠴᠠᠭ᠎ᠠ︶ ᠲᠣᠰᠬᠤᠨ ᠨᠢᠭᠡᠪᠦᠷᠢ᠂ ᠡᠷᠦᠬᠡ ᠪᠦᠷᠢ ᠶᠢᠨ | ᠮᠠᠯᠴᠢᠨ ᠲᠠᠷᠢᠶᠠᠴᠢᠨ ᠢ ᠬᠠᠮᠤᠷᠬᠤ ᠶᠢ ᠪᠠᠲᠤᠯᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠥᠷᠲᠡᠭᠡ ︵ | ᠭᠡᠷ︶᠂ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ︵ᠭᠡᠷ︶᠂ ᠰᠢᠢᠳᠪᠦᠷᠢᠯᠡᠬᠦ ᠵᠡᠷᠭᠡ ᠲᠠᠯᠠᠪᠤᠷ ᠭᠠᠵᠠᠷ ᠤᠨ ᠭᠠᠵᠠᠷ | ᠰᠣᠩᠭᠤᠬᠤ ᠳᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠣᠷᠴᠢᠨ | ᠲᠣᠭᠤᠷᠢᠨ ᠤ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠰᠢᠨᠵᠢᠯᠡᠬᠦ ᠤᠬᠠᠭᠠᠨᠴᠢ | ᠪᠥᠭᠡᠳ ᠵᠦᠢ ᠵᠣᠬᠢᠰᠲᠠᠢ᠂ ᠣᠷᠣᠨ ᠪᠦᠰᠡ ᠶᠢ ᠨᠢᠭᠡᠳᠦᠯᠲᠡᠢ ᠲᠥᠯᠥᠪᠯᠡᠬᠦ ᠶᠢ ᠬᠠᠮᠲᠤ ᠳᠤᠨᠢ ᠬᠠᠷᠠᠭᠠᠯᠵᠠᠬᠤ | ᠵᠠᠷᠴᠢᠮ ᠤᠨ ᠶᠣᠰᠣᠭᠠᠷ᠂ ᠦᠢᠯᠡᠴᠢᠯᠡᠬᠦ ᠬᠡᠪᠴᠢᠶ᠎ᠡ᠂ ᠳᠠᠮᠵᠢᠭᠤᠯᠤᠨ ᠲᠡᠭᠡᠭᠡᠪᠦᠷᠢᠯᠡᠬᠦ ᠴᠢᠳᠠᠪᠤᠷᠢ᠂ ᠲᠡᠭᠡᠭᠡᠪᠦᠷᠢᠯᠡᠬᠦ | ᠵᠠᠢ᠂ ᠢᠵᠢ ᠪᠦᠷᠢᠳᠦᠭᠦᠯᠬᠦ ᠨᠥᠬᠦᠴᠡᠯ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠭᠠᠵᠠᠷ ᠢ ᠵᠦᠢ | ᠵᠣᠬᠢᠰᠲᠠᠢ ᠪᠠᠷ ᠰᠣᠩᠭᠤᠨ᠎ᠠ᠃ | ᠦᠵᠦᠭᠦᠷ ᠤᠨ ᠰᠢᠢᠳᠪᠦᠷᠢᠯᠡᠯᠲᠡ ᠳᠤ ᠠᠷᠢᠭᠤᠨ ᠴᠡᠪᠡᠷ ᠢᠶᠠᠷ ᠪᠤᠯᠠᠬᠤ ᠭᠠᠷ ᠤᠷᠠᠯᠠᠯ ᠢ ᠬᠡᠷᠡᠭᠯᠡᠭᠰᠡᠨ ᠪᠠᠶᠢᠪᠠᠯ | ᠂ ᠪᠤᠯᠠᠬᠤ ᠬᠥᠮᠥᠷᠭᠡ ᠶᠢᠨ ᠪᠠᠭᠲᠠᠭᠠᠮᠵᠢ ᠶᠢᠨ ᠠᠵᠢᠯᠯᠠᠭᠰᠠᠨ ᠵᠢᠯ ᠬᠤᠭᠤᠴᠠᠭ᠎ᠠ ᠨᠢ 10 ᠵᠢᠯ ᠠᠴᠠ ᠳᠤᠲᠠᠭᠤ | ᠪᠠᠶᠢᠵᠤ ᠪᠣᠯᠬᠤ ᠦᠭᠡᠢ᠃ ᠬᠠᠯᠠᠭᠠᠵᠦ ᠵᠠᠳᠠᠷᠠᠭᠤᠯᠵᠤ ᠬᠡᠶᠢᠵᠢᠭᠦᠯᠬᠦ ᠪᠤᠶᠤ ᠰᠢᠲᠠᠭᠠᠵᠤ ᠰᠢᠢᠳᠪᠦᠷᠢᠯᠡᠬᠦ ᠭᠠᠷ | ᠤᠷᠠᠯᠠᠯ ᠢ ᠬᠡᠷᠡᠭᠯᠡᠭᠰᠡᠨ ᠪᠠᠶᠢᠪᠠᠯ᠂ ᠪᠡᠯᠡᠳᠬᠡᠮᠵᠢ ᠲᠥᠬᠦᠭᠡᠷᠦᠮᠵᠢ ᠶᠢ ᠰᠢᠢᠳᠪᠦᠷᠢᠯᠡᠬᠦ ᠬᠡᠪᠴᠢᠶ᠎ᠡ ᠶᠢ ᠵᠦᠢ ᠵᠣᠬᠢᠰᠲᠠᠢ | ᠲᠣᠭᠲᠠᠭᠠᠵᠤ᠂ ᠪᠡᠯᠡᠳᠬᠡᠮᠵᠢ ᠲᠥᠬᠦᠭᠡᠷᠦᠮᠵᠢ ᠨᠢ 10% ᠠᠴᠠ ᠳᠤᠲᠠᠭᠤ ᠦᠭᠡᠢ ᠳᠠᠭᠠᠭᠠᠴᠠ ᠠᠴᠠ ᠬᠡᠲᠦᠷᠡᠭᠦᠯᠬᠦ | ᠴᠢᠳᠠᠪᠤᠷᠢ ᠲᠠᠢ ᠪᠠᠶᠢᠬᠤ ᠬᠡᠷᠡᠭᠲᠡᠢ᠃ | ᠤᠤᠯ ᠤᠨ ᠪᠠᠶᠢᠭᠰᠠᠨ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠪᠡᠯᠡᠳᠬᠡᠮᠵᠢ ᠶᠢ ᠥᠭᠡᠷᠡᠴᠢᠯᠡᠨ | ᠪᠠᠶᠢᠭᠤᠯᠬᠤ ᠪᠤᠶᠤ ᠨᠡᠭᠦᠯᠭᠡᠨ ᠪᠠᠶᠢᠭᠤᠯᠬᠤ ᠴᠢᠬᠤᠯᠠ ᠲᠠᠢ ᠪᠣᠯ ᠥᠭᠡᠷᠡᠴᠢᠯᠡᠨ ᠪᠠᠶᠢᠭᠤᠯᠬᠤ ᠪᠤᠶᠤ ᠨᠡᠭᠦᠯᠭᠡᠨ | ᠪᠠᠶᠢᠭᠤᠯᠬᠤ ᠲᠥᠯᠥᠪᠯᠡᠭᠡ ᠲᠣᠭᠲᠠᠭᠠᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠥᠭᠡᠷᠡᠴᠢᠯᠡᠨ ᠪᠠᠶᠢᠭᠤᠯᠬᠤ ᠪᠤᠶᠤ ᠨᠡᠭᠦᠯᠭᠡᠨ ᠪᠠᠶᠢᠭᠤᠯᠵᠤ ᠪᠣᠯᠣᠨ᠎ᠠ᠃ | 5 ᠠᠮᠢᠳᠤᠷᠠᠯ ᠤᠨ ᠬᠤᠭ ᠨᠣᠪᠰᠢ ᠶᠢ ᠪᠠᠭᠠᠰᠬᠠᠬᠤ ᠳᠦᠷᠦᠯ ᠠᠩᠬᠢᠯᠠᠬᠤ | ︽ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ᠂ | ᠬᠤᠣᠷ ᠦᠭᠡᠶᠢᠵᠢᠭᠦᠯᠦᠨ ᠰᠢᠢᠳᠪᠦᠷᠢᠯᠡᠬᠦ︾ ᠵᠠᠰᠠᠯᠲᠠ ᠶᠢᠨ ᠵᠠᠷᠴᠢᠮ ᠢ ᠪᠠᠷᠢᠮᠲᠠᠯᠠᠵᠤ᠂ ᠠᠮᠢᠳᠤᠷᠠᠯ ᠤᠨ ᠬᠤᠭ | ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠪᠠᠭᠠᠰᠬᠠᠵᠤ᠂ ᠲᠣᠭᠤᠭᠠᠨ ᠭᠡᠷ ᠤᠨ ᠬᠤᠭ ᠨᠣᠪᠰᠢ᠂ | ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠪᠠᠭᠠᠰᠤ ᠰᠢᠭᠡᠰᠦ ᠵᠡᠷᠭᠡ ᠠᠮᠠᠷᠬᠠᠨ ᠢᠯᠵᠢᠷᠡᠬᠦ ᠣᠷᠭᠠᠨᠢᠭ ᠬᠤᠭ | ᠨᠣᠪᠰᠢ᠂ ᠬᠤᠶᠢᠷᠭᠤ ᠬᠠᠶᠠᠭᠳᠠᠮᠠᠯ ᠪᠣᠳᠠᠰ ᠢ ᠲᠤᠬᠠᠢ ᠶᠢᠨ ᠭᠠᠵᠠᠷ ᠲᠤᠨᠢ ᠬᠤᠣᠷ ᠦᠭᠡᠶᠢᠵᠢᠭᠦᠯᠦᠨ ᠰᠢᠢᠳᠪᠦᠷᠢᠯᠡᠬᠦ | ᠪᠠ ᠡᠬᠢ ᠪᠠᠶᠠᠯᠢᠭᠵᠢᠭᠤᠯᠤᠨ ᠠᠰᠢᠭᠯᠠᠵᠤ᠂ ᠪᠤᠰᠤᠳ ᠬᠤᠭ ᠨᠣᠪᠰᠢ ᠶᠢ ᠭᠠᠳᠠᠭᠰᠢ ᠲᠡᠭᠡᠭᠡᠪᠦᠷᠢᠯᠡᠬᠦ ᠶᠢ | ᠲᠥᠪᠯᠡᠷᠡᠭᠦᠯᠦᠨ ᠰᠢᠢᠳᠪᠦᠷᠢᠯᠡᠵᠦ᠂ ᠦᠵᠦᠭᠦᠷ ᠤᠨ ᠰᠢᠢᠳᠪᠦᠷᠢᠯᠡᠬᠦ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠨ᠂ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠪᠠ ᠰᠢᠢᠳᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ | | ᠲᠠᠷᠢᠶᠠᠴᠢᠨ ᠠᠶᠢᠯ ᠤᠨ ᠬᠡᠲᠦ ᠳᠡᠯᠭᠡᠭᠦᠷ᠂ ᠡᠭᠡᠭᠦᠯᠦᠨ ᠬᠤᠷᠢᠶᠠᠵᠤ ᠪᠣᠯᠬᠤ ᠴᠡᠭ ᠵᠡᠷᠭᠡ ᠣᠲᠣ ᠶᠢᠨ ᠪᠠᠶᠢᠭ᠎ᠠ | ᠪᠡᠯᠡᠳᠬᠡᠮᠵᠢ ᠶᠢ ᠤᠷᠢᠳᠠᠪᠠᠷ ᠠᠰᠢᠭᠯᠠᠵᠤ᠂ ᠰᠢᠶᠠᠩ ᠪᠠᠯᠭᠠᠰᠤ ︵ᠰᠤᠮᠤ︶᠂ ᠵᠠᠰᠠᠭ ᠵᠠᠬᠢᠷᠭᠠᠨ ᠤ ᠲᠣᠰᠬᠤᠨ ︵ | ᠭᠠᠴᠠᠭ᠎ᠠ︶ ᠢ ᠬᠠᠮᠤᠷᠤᠭᠰᠠᠨ ᠠᠮᠢᠳᠤᠷᠠᠯ ᠤᠨ ᠬᠤᠭ ᠨᠣᠪᠰᠢ ᠶᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢ | ᠪᠠᠶᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠥᠨᠳᠥᠷ ᠦᠷ᠎ᠡ | ᠪᠦᠲᠦᠮᠵᠢᠲᠡᠶ᠂ ᠠᠮᠢ ᠠᠬᠤᠢ ᠶᠢᠨ᠂ ᠣᠷᠴᠢᠨ ᠲᠣᠭᠤᠷᠢᠨ ᠢ ᠬᠠᠮᠠᠭᠠᠯᠠᠬᠤ ᠬᠤᠣᠷ ᠦᠭᠡᠶᠢᠵᠢᠭᠦᠯᠦᠨ ᠰᠢᠢᠳᠪᠦᠷᠢᠯᠡᠬᠦ | ᠠᠷᠭ᠎ᠠ ᠮᠠᠶ᠋ᠢᠭ ᠢ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠬᠡᠷᠡᠭᠯᠡᠵᠦ᠂ ᠬᠤᠭ ᠨᠣᠪᠰᠢ ᠶᠢ ᠰᠢᠯᠵᠢᠭᠦᠯᠦᠨ | ᠲᠡᠭᠡᠭᠡᠪᠦᠷᠢᠯᠡᠬᠦ ᠬᠡᠮᠵᠢᠶ᠎ᠡ ᠶᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ᠃ | ᠡᠭᠡᠭᠦᠯᠦᠨ ᠬᠤᠷᠢᠶᠠᠵᠤ ᠪᠣᠯᠬᠤ ᠪᠣᠳᠠᠰ᠄ ᠡᠭᠡᠭᠦᠯᠦᠨ ᠬᠤᠷᠢᠶᠠᠵᠤ ᠪᠣᠯᠬᠤ ᠪᠣᠳᠠᠰ ᠢ ᠰᠤᠯᠠ ᠡᠷᠦᠬᠡ | ᠥᠪᠡᠰᠦᠪᠡᠨ ᠴᠤᠭᠯᠠᠭᠤᠯᠵᠤ᠂ ᠥᠪᠡᠰᠦᠪᠡᠨ ᠲᠡᠭᠡᠭᠡᠪᠦᠷᠢᠯᠡᠨ ᠬᠦᠷᠭᠡᠬᠦ ᠶᠢ ᠬᠡᠷᠡᠭᠵᠢᠭᠦᠯᠪᠡᠯ ᠵᠣᠬᠢᠨ᠎ᠠ᠂ ᠪᠠᠰᠠ | ᠳ᠋ᠢᠶᠠᠩᠬᠤᠸᠠ ᠪᠠᠷ ᠪᠣᠯᠵᠣᠬᠤ ᠠᠷᠭ᠎ᠠ ᠮᠠᠶ᠋ᠢᠭ ᠢ ᠠᠪᠴᠤ ᠪᠠᠶᠢᠭᠠᠳ ᠳᠠᠬᠢᠯᠲᠠ ᠡᠬᠢ ᠪᠠᠶᠠᠯᠢᠭ ᠢ ᠡᠭᠡᠭᠦᠯᠦᠨ | ᠬᠤᠷᠢᠶᠠᠬᠤ ᠠᠵᠤ ᠠᠬᠤᠶᠢᠯᠠᠯ ᠠᠴᠠ ᠭᠡᠷ ᠲᠤᠨᠢ ᠬᠦᠷᠴᠦ ᠬᠤᠷᠢᠶᠠᠨ ᠴᠤᠭᠯᠠᠭᠤᠯᠵᠤ ᠪᠣᠯᠣᠨ᠎ᠠ᠃ | ᠲᠣᠭᠤᠭᠠᠨ ᠭᠡᠷ ᠤᠨ ᠬᠤᠭ ᠨᠣᠪᠰᠢ᠄ ᠭᠡᠷ ᠤᠨ ᠲᠡᠵᠢᠭᠡᠪᠦᠷᠢ ᠲᠡᠵᠢᠭᠡᠬᠦ ᠳᠤ ᠬᠡᠷᠡᠭᠯᠡᠬᠦ ᠪᠤᠶᠤ ᠲᠠᠷᠢᠮᠠᠯ ᠤᠨ ᠡᠰᠢ | ᠰᠦᠷᠡᠯ᠂ ᠲᠡᠵᠢᠭᠡᠨ ᠦᠷᠡᠵᠢᠭᠦᠯᠬᠦ ᠬᠠᠶᠠᠭᠳᠠᠮᠠᠯ ᠡᠪᠡᠰᠦ ᠪᠣᠷᠳᠤᠭ᠎ᠠ᠂ ᠮᠠᠯ ᠤᠨ ᠪᠠᠭᠠᠰᠤ ᠰᠢᠭᠡᠰᠦ ᠵᠡᠷᠭᠡ ᠲᠠᠷᠢᠶᠠᠯᠠᠩ | ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠯᠤᠭ᠎ᠠ ᠬᠠᠮᠵᠢᠯᠴᠠᠨ ᠬᠤᠤᠷ ᠦᠭᠡᠶᠢᠵᠢᠭᠦᠯᠦᠨ | ᠪᠣᠷᠳᠣᠭᠤᠷ ᠪᠤᠯᠭᠠᠨ ᠰᠢᠢᠳᠪᠦᠷᠢᠯᠡᠨ᠎ᠡ᠂ ᠰᠢᠢᠳᠪᠦᠷᠢᠯᠡᠵᠦ ᠳᠡᠶᠢᠯᠬᠦ ᠦᠭᠡᠢ ᠶᠢ ᠨᠢ ᠲᠥᠷᠥᠯ ᠬᠤᠪᠢᠶᠠᠨ ᠬᠤᠭ | ᠨᠣᠪᠰᠢ ᠶᠢᠨ ᠬᠠᠶᠢᠷᠴᠠᠭ ︵ᠰᠠᠭᠤᠯᠠᠭ᠎ᠠ︶ ᠳᠤ ᠲᠠᠯᠪᠢᠨ᠎ᠠ᠃ | ᠬᠥᠨᠥᠭᠡᠯᠲᠡᠢ ᠬᠤᠭ ᠨᠣᠪᠰᠢ᠄ ᠠᠵᠢᠯ ᠲᠥᠷᠥᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠲᠣᠬᠢᠲᠠᠢ | ᠬᠠᠳᠠᠭᠠᠯᠠᠬᠤ ᠪᠠ ᠰᠢᠢᠳᠪᠦᠷᠢᠯᠡᠬᠦ ᠬᠡᠷᠡᠭᠲᠡᠢ᠂ ᠪᠤᠰᠤᠳ ᠬᠤᠭ ᠨᠣᠪᠰᠢ ᠲᠠᠢ ᠬᠤᠯᠢᠯᠳᠤᠭᠤᠯᠤᠨ ᠣᠷᠣᠭᠤᠯᠵᠤ | ᠬᠠᠶᠠᠵᠤ ᠰᠢᠢᠳᠪᠦᠷᠢᠯᠡᠵᠦ ᠪᠣᠯᠬᠤ ᠦᠭᠡᠢ᠃ | ᠬᠤᠶᠢᠷᠭᠤ ᠬᠠᠶᠠᠭᠳᠠᠮᠠᠯ ᠪᠣᠳᠠᠰ᠄ ᠦᠨᠡᠰᠦ ᠰᠢᠷᠣᠢ᠂ ᠸᠠᠭᠠᠷ ᠲᠣᠭᠤᠰᠬ᠎ᠠ ᠸᠠᠭᠠᠷ ᠱᠠᠭᠠᠵᠠᠩ᠂ ᠨᠡᠭᠦᠷᠡᠰᠦᠨ | ᠰᠢᠭᠠᠷᠤ ᠵᠡᠷᠭᠡ ᠬᠤᠶᠢᠷᠭᠤ ᠬᠠᠶᠠᠭᠳᠠᠮᠠᠯ ᠪᠣᠳᠠᠰ ᠢ ᠲᠤᠬᠠᠢ ᠶᠢᠨ ᠭᠠᠵᠠᠷ ᠲᠤᠨᠢ ᠣᠶᠢᠷᠠᠯᠴᠠᠭ᠎ᠠ ᠭᠠᠵᠠᠷ ᠲᠤᠨᠢ | ᠰᠢᠩᠭᠡᠭᠡᠵᠦ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠳᠤ ᠣᠷᠣᠭᠤᠯᠵᠤ ᠪᠣᠯᠬᠤ | ᠦᠭᠡᠢ᠃ | ᠪᠤᠰᠤᠳ ᠬᠤᠭ ᠨᠣᠪᠰᠢ᠄ ᠮᠠᠯᠴᠢᠨ ᠲᠠᠷᠢᠶᠠᠴᠢᠳ ᠥᠪᠡᠰᠦᠪᠡᠨ ᠬᠤᠭ ᠨᠣᠪᠰᠢ ᠶᠢᠨ ᠬᠠᠶᠢᠷᠴᠠᠭ ︵ | ᠰᠠᠭᠤᠯᠠᠭ᠎ᠠ︶ ᠪᠤᠶᠤ ᠬᠤᠷᠢᠶᠠᠨ ᠴᠤᠭᠯᠠᠭᠤᠯᠬᠤ ᠥᠷᠲᠡᠭᠡ ︵ᠴᠡᠭ︶ ᠳᠤ ᠲᠠᠯᠪᠢᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠬᠡᠷᠡᠭᠲᠡᠢ᠃ | 6 ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ᠂ ᠰᠢᠢᠳᠪᠦᠷᠢᠯᠡᠬᠦ | ᠨᠢᠭᠡ᠂ ᠵᠠᠭᠪᠤᠷ ᠤᠨ ᠰᠣᠩᠭᠤᠯᠲᠠ | 1᠂ ᠨᠥᠬᠦᠴᠡᠯ ᠲᠠᠢ ᠭᠠᠵᠠᠷ ᠣᠷᠣᠨ ᠨᠢ ᠣᠲᠣ ᠶᠢᠨ ᠪᠠᠶᠢᠭ᠎ᠠ ᠵᠠᠰᠠᠭ ᠵᠠᠬᠢᠷᠭᠠᠨ ᠤ ᠣᠷᠣᠨ ᠤ ᠬᠢᠵᠠᠭᠠᠷᠯᠠᠯ ᠢ | ᠡᠪᠳᠡᠵᠦ᠂ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ︽ᠬᠤᠷᠢᠶᠠᠨ ᠴᠤᠭᠯᠠᠭᠤᠯᠬᠤ᠂ ᠳᠠᠮᠵᠢᠭᠤᠯᠤᠨ | ᠲᠡᠭᠡᠭᠡᠪᠦᠷᠢᠯᠡᠬᠦ᠂ ᠰᠢᠢᠳᠪᠦᠷᠢᠯᠡᠬᠦ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠬᠡᠯᠬᠢᠶᠡᠰᠦ ᠶᠢ | ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠵᠢᠴᠢ ᠰᠢᠢᠳᠪᠦᠷᠢᠯᠡᠬᠦ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠵᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ᠂ ᠰᠢᠢᠳᠪᠦᠷᠢᠯᠡᠬᠦ ᠥᠪᠡᠷ ᠤᠨ | ᠥᠷᠲᠡᠭ ᠢ ᠪᠠᠭᠠᠰᠬᠠᠨ᠎ᠠ᠃ | 2᠂ ᠦᠢᠯᠡᠴᠢᠯᠡᠭᠡᠨ ᠤ ᠬᠡᠪᠴᠢᠶ᠎ᠡ᠂ ᠬᠥᠮᠥᠨ ᠠᠮᠠ ᠶᠢᠨ ᠲᠠᠷᠬᠠᠯᠲᠠ᠂ ᠵᠠᠮ ᠬᠠᠷᠢᠯᠴᠠᠭ᠎ᠠ ᠶᠢᠨ ᠨᠥᠬᠦᠴᠡᠯ᠂ | ᠲᠡᠭᠡᠭᠡᠪᠦᠷᠢ ᠶᠢᠨ ᠵᠠᠢ ᠪᠣᠯᠣᠨ ᠰᠢᠢᠳᠪᠦᠷᠢᠯᠡᠬᠦ ᠭᠠᠵᠠᠷ ᠲᠠᠯᠠᠪᠤᠷ ᠵᠡᠷᠭᠡ ᠬᠦᠴᠦᠨ ᠵᠦᠢᠯ ᠢ ᠦᠨᠳᠦᠰᠦᠯᠡᠨ᠂ ᠬᠤᠭ | ᠨᠣᠪᠰᠢ ᠶᠢ ᠰᠢᠢᠳᠪᠦᠷᠢᠯᠡᠬᠦ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠥᠭᠡᠶᠢᠵᠢᠭᠦᠯᠬᠦ︾ | ᠵᠠᠷᠴᠢᠮ ᠢ ᠵᠢᠷᠤᠮᠯᠠᠨ᠂ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠠᠭᠪᠤᠷ ᠢ ᠲᠤᠬᠠᠢ ᠶᠢᠨ ᠭᠠᠵᠠᠷ ᠣᠷᠣᠨ ᠤ | ᠪᠠᠶᠢᠳᠠᠯ ᠲᠤᠨᠢ ᠲᠣᠬᠢᠷᠠᠭᠤᠯᠤᠨ ᠰᠣᠩᠭᠤᠬᠤ ᠬᠡᠷᠡᠭᠲᠡᠢ᠃ | ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠵᠠᠰᠠᠬᠤ ᠵᠠᠭᠪᠤᠷ᠄ ︽ᠡᠷᠦᠬᠡ ᠠᠴᠠ ᠲᠥᠷᠥᠯ ᠬᠤᠪᠢᠶᠠᠬᠤ᠂ | ᠲᠣᠰᠬᠤᠨ ᠠᠴᠠ ᠴᠤᠭᠯᠠᠭᠤᠯᠬᠤ᠂ ᠰᠢᠶᠠᠩ ᠪᠠᠯᠭᠠᠰᠤ ᠠᠴᠠ ᠳᠠᠮᠵᠢᠭᠤᠯᠤᠨ ᠲᠡᠭᠡᠭᠡᠪᠦᠷᠢᠯᠡᠬᠦ᠂ ᠬᠤᠰᠢᠭᠤ ᠰᠢᠶᠠᠨ ︵ | ᠬᠤᠲᠠ᠂ ᠲᠣᠭᠤᠷᠢᠭ︶ ᠠᠴᠠ ᠰᠢᠢᠳᠪᠦᠷᠢᠯᠡᠬᠦ︾ ᠵᠠᠭᠪᠤᠷ ᠢ ᠬᠡᠷᠡᠭᠯᠡᠨ᠎ᠡ᠃ ᠲᠣᠰ ᠵᠠᠭᠪᠤᠷ ᠢ ᠬᠤᠲᠠ ᠪᠠᠯᠭᠠᠰᠤ ᠶᠢᠨ | ᠣᠷᠣᠨ ᠪᠦᠰᠡ ᠶᠢᠨ ᠴᠢᠨᠠᠷᠲᠠᠢ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠠᠴᠠ ᠨᠡᠯᠢᠶᠡᠳ ᠣᠶᠢᠷ᠎ᠠ ᠪᠠᠶᠢᠭ᠎ᠠ | ᠭᠠᠵᠠᠷ ᠣᠷᠣᠨ ᠳᠤ ᠬᠡᠷᠡᠭᠯᠡᠨ᠎ᠡ᠃ | ᠰᠢᠶᠠᠩ ᠪᠠᠯᠭᠠᠰᠤ ᠲᠥᠪᠯᠡᠷᠡᠭᠦᠯᠦᠨ ᠵᠠᠰᠠᠬᠤ ᠵᠠᠭᠪᠤᠷ᠄ ︽ᠡᠷᠦᠬᠡ ᠠᠴᠠ ᠲᠥᠷᠥᠯ ᠬᠤᠪᠢᠶᠠᠬᠤ᠂ ᠡᠷᠦᠬᠡ ︵ | ᠲᠣᠰᠬᠤᠨ︶ ᠠᠴᠠ ᠴᠤᠭᠯᠠᠭᠤᠯᠬᠤ᠂ ᠲᠣᠰᠬᠤᠨ ︵ᠰᠢᠶᠠᠩ ᠪᠠᠯᠭᠠᠰᠤ︶ ᠠᠴᠠ ᠰᠢᠯᠵᠢᠭᠦᠯᠦᠨ ᠲᠡᠭᠡᠭᠡᠪᠦᠷᠢᠯᠡᠬᠦ᠂ | ᠰᠢᠶᠠᠩ ᠪᠠᠯᠭᠠᠰᠤ ᠠᠴᠠ ᠰᠢᠢᠳᠪᠦᠷᠢᠯᠡᠬᠦ︾ ᠵᠠᠭᠪᠤᠷ ᠢ ᠬᠡᠷᠡᠭᠯᠡᠨ᠎ᠡ᠃ ᠲᠣᠰ ᠵᠠᠭᠪᠤᠷ ᠢ ᠬᠤᠲᠠ ᠪᠠᠯᠭᠠᠰᠤ ᠶᠢᠨ | ᠣᠷᠣᠨ ᠪᠦᠰᠡ ᠶᠢᠨ ᠴᠢᠨᠠᠷᠲᠠᠢ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠠᠴᠠ ᠨᠡᠯᠢᠶᠡᠳ ᠬᠤᠯᠠ ᠪᠤᠶᠤ | ᠣᠷᠣᠨ ᠪᠦᠰᠡ ᠶᠢᠨ ᠴᠢᠨᠠᠷᠲᠠᠢ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠴᠢᠳᠠᠪᠤᠷᠢ ᠪᠠᠷ ᠬᠦᠷᠦᠯᠴᠡᠬᠦ | ᠦᠭᠡᠢ ᠭᠠᠵᠠᠷ ᠣᠷᠣᠨ ᠳᠤ ᠬᠡᠷᠡᠭᠯᠡᠨ᠎ᠡ᠃ | ᠪᠤᠶᠢᠳᠠ ᠪᠥᠭᠯᠡᠭᠦᠦ ᠲᠠᠷᠠᠬᠠᠢ ᠪᠤᠲᠠᠷᠬᠠᠢ ᠵᠠᠰᠠᠬᠤ ᠵᠠᠭᠪᠤᠷ᠄ ︽ᠡᠷᠦᠬᠡ ᠠᠴᠠ ᠲᠥᠷᠥᠯ ᠬᠤᠪᠢᠶᠠᠬᠤ᠂ | ᠲᠣᠰᠬᠤᠨ ᠠᠴᠠ ᠬᠤᠷᠢᠶᠠᠨ ᠴᠤᠭᠯᠠᠭᠤᠯᠬᠤ᠂ ᠲᠣᠰᠬᠤᠨ ᠠᠴᠠ ᠰᠢᠯᠵᠢᠭᠦᠯᠦᠨ ᠲᠡᠭᠡᠭᠡᠪᠦᠷᠢᠯᠡᠬᠦ᠂ ᠲᠣᠰᠬᠤᠨ ᠠᠴᠠ | ᠰᠢᠢᠳᠪᠦᠷᠢᠯᠡᠬᠦ︾ ᠵᠠᠭᠪᠤᠷ ᠢ ᠬᠡᠷᠡᠭᠯᠡᠨ᠎ᠡ᠃ ᠲᠣᠰ ᠵᠠᠭᠪᠤᠷ ᠢ ᠬᠤᠲᠠ ᠪᠠᠯᠭᠠᠰᠤ ᠪᠤᠶᠤ ᠰᠢᠶᠠᠩ ᠪᠠᠯᠭᠠᠰᠤᠨ ᠤ ᠬᠤᠭ | ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠠᠴᠠ ᠨᠡᠯᠢᠶᠡᠳ ᠬᠤᠯᠠ᠂ ᠵᠠᠮ ᠬᠠᠷᠢᠯᠴᠠᠭ᠎ᠠ ᠳᠥᠭᠦᠮ ᠦᠭᠡᠢ | ᠮᠥᠷᠲᠡᠭᠡᠨ ᠠᠶᠢᠯ ᠲᠣᠰᠬᠤᠨ ᠨᠡᠯᠢᠶᠡᠳ ᠲᠥᠪᠯᠡᠷᠡᠭᠰᠡᠨ ᠭᠠᠵᠠᠷ ᠣᠷᠣᠨ ᠳᠤ ᠬᠡᠷᠡᠭᠯᠡᠨ᠎ᠡ᠃ | ᠬᠤᠶᠠᠷ᠂ ᠬᠤᠷᠢᠶᠠᠨ ᠲᠡᠭᠡᠭᠡᠪᠦᠷᠢᠯᠡᠬᠦ | ᠠᠮᠢᠳᠤᠷᠠᠯ ᠤᠨ ᠬᠤᠭ ᠨᠣᠪᠰᠢ ᠶᠢᠨ ᠭᠠᠷᠬᠤ ᠬᠡᠮᠵᠢᠶ᠎ᠡ᠂ ᠬᠤᠭ ᠨᠣᠪᠰᠢ ᠶᠢᠨ ᠬᠠᠶᠢᠷᠴᠠᠭ ︵ᠰᠠᠭᠤᠯᠠᠭ᠎ᠠ︶ | ᠤᠨ ᠪᠠᠭᠲᠠᠭᠠᠮᠵᠢ᠂ ᠳᠠᠮᠵᠢᠭᠤᠯᠤᠨ ᠲᠡᠭᠡᠭᠡᠪᠦᠷᠢᠯᠡᠬᠦ ᠴᠢᠳᠠᠪᠤᠷᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠱᠠᠭᠠᠷᠳᠠᠯᠭ᠎ᠠ ᠵᠡᠷᠭᠡ ᠬᠦᠴᠦᠨ ᠵᠦᠢᠯ ᠢ ᠦᠨᠳᠦᠰᠦᠯᠡᠨ ᠴᠡᠪᠡᠷᠯᠡᠨ ᠲᠡᠭᠡᠭᠡᠪᠦᠷᠢᠯᠡᠬᠦ ᠳᠠᠪᠲᠠᠮᠵᠢ ᠶᠢ ᠵᠦᠢ ᠵᠣᠬᠢᠰᠲᠠᠢ | ᠲᠣᠭᠲᠠᠭᠠᠬᠤ ᠬᠡᠷᠡᠭᠲᠡᠢ᠃ | ᠴᠤᠭᠯᠠᠭᠤᠯᠬᠤ ᠪᠡᠯᠡᠳᠬᠡᠮᠵᠢ ᠶᠢ ᠨᠢᠭᠲᠠ ᠪᠢᠲᠡᠭᠦᠮᠵᠢᠯᠡᠵᠦ᠂ ᠪᠣᠷᠣᠭᠠᠨ ᠠᠴᠠ ᠰᠡᠷᠭᠡᠶᠢᠯᠡᠨ᠂ ᠨᠡᠪᠴᠢᠵᠦ | ᠭᠤᠭᠤᠵᠢᠬᠤ ᠠᠴᠠ ᠰᠡᠷᠭᠡᠶᠢᠯᠡᠬᠦ ᠬᠡᠷᠡᠭᠲᠡᠢ᠂ ᠵᠠᠳᠠᠭᠠᠢ ᠬᠤᠭ ᠨᠣᠪᠰᠢ ᠶᠢᠨ ᠲᠠᠲᠠᠭᠠᠯ ᠬᠡᠷᠡᠭᠯᠡᠬᠦ ᠶᠢ ᠴᠠᠭᠠᠵᠠᠯᠠᠬᠤ | ᠬᠡᠷᠡᠭᠲᠡᠢ᠃ ᠴᠤᠭᠯᠠᠭᠤᠯᠬᠤ ᠰᠠᠪᠠ ᠨᠢ ᠢᠯᠵᠢᠷᠡᠬᠦ ᠶᠢ ᠰᠡᠷᠭᠡᠶᠢᠯᠡᠬᠦ᠂ ᠪᠥᠬᠡᠯᠢᠭ᠂ ᠢᠯᠴᠢ ᠳᠤ ᠲᠠᠭᠠᠭᠠᠮᠠᠭᠠᠢ᠂ ᠰᠢᠨ᠎ᠡ | ᠰᠡᠪᠡᠭᠦᠨ᠂ ᠬᠤᠷᠢᠶᠠᠵᠤ ᠵᠥᠭᠡᠭᠡᠪᠦᠷᠢᠯᠡᠬᠦ ᠲᠡᠷᠭᠡ ᠬᠥᠰᠬᠡ ᠲᠠᠢ ᠲᠣᠬᠢᠷᠠᠯᠴᠠᠭᠤᠯᠵᠤ᠂ ᠠᠦ᠋ᠲ᠋ᠣᠴᠢᠯᠠᠬᠤ ᠪᠤᠶᠤ ᠬᠠᠭᠠᠰ | ᠠᠦ᠋ᠲ᠋ᠣᠴᠢᠯᠠᠬᠤ ᠠᠴᠢᠵᠤ ᠪᠠᠭᠤᠯᠭᠠᠬᠤ ᠠᠵᠢᠯ ᠳᠤ ᠠᠰᠢᠭᠲᠠᠢ ᠪᠠᠶᠢᠯᠭᠠᠬᠤ ᠬᠡᠷᠡᠭᠲᠡᠢ᠃ | ᠪᠠᠷᠢᠮᠵᠢᠶᠠᠲᠤ ᠬᠤᠭ ᠨᠣᠪᠰᠢ ᠶᠢᠨ ᠰᠠᠪᠠ ᠶᠢᠨ ᠦᠢᠯᠡᠴᠢᠯᠡᠭᠡᠨ ᠤ ᠷᠠᠳᠢᠦ᠋ᠰ ᠨᠢ 70m ᠠᠴᠠ ᠬᠡᠲᠦᠷᠡᠵᠦ | ᠪᠣᠯᠬᠤ ᠦᠭᠡᠢ᠂ ᠬᠤᠭ ᠨᠣᠪᠰᠢ ᠶᠢᠨ ᠰᠠᠪᠠ ᠶᠢᠨ ᠦᠢᠯᠡᠴᠢᠯᠡᠭᠡᠨ ᠤ ᠷᠠᠳᠢᠦ᠋ᠰ ᠨᠢ 500m ᠠᠴᠠ ᠬᠡᠲᠦᠷᠡᠵᠦ | ᠪᠣᠯᠬᠤ ᠦᠭᠡᠢ︔ ᠬᠤᠷᠢᠶᠠᠨ ᠴᠤᠭᠯᠠᠭᠤᠯᠬᠤ ᠥᠷᠲᠡᠭᠡ ︵ᠴᠡᠭ︶ ᠪᠠᠷ ᠬᠤᠷᠢᠶᠠᠨ ᠴᠤᠭᠯᠠᠭᠤᠯᠬᠤ ᠳᠤ᠂ ᠬᠥᠮᠥᠨ ᠤ | ᠬᠦᠴᠦᠨ ᠤ ᠲᠡᠷᠭᠡ᠂ ᠴᠠᠬᠢᠯᠭᠠᠨ ᠬᠦᠳᠡᠯᠭᠡᠭᠦᠷᠳᠦ ᠲᠡᠷᠭᠡ ᠪᠠᠷ ᠳᠠᠮᠵᠢᠭᠤᠯᠤᠨ ᠬᠤᠷᠢᠶᠠᠨ ᠴᠤᠭᠯᠠᠭᠤᠯᠬᠤ | ᠦᠢᠯᠡᠴᠢᠯᠡᠭᠡᠨ ᠤ ᠷᠠᠳᠢᠦ᠋ᠰ ᠨᠢ 1000m ᠠᠴᠠ ᠬᠡᠲᠦᠷᠡᠵᠦ ᠪᠣᠯᠬᠤ ᠦᠭᠡᠢ᠃ | ᠲᠠᠷᠢᠶᠠᠯᠠᠩ ᠳᠤ ᠬᠡᠷᠡᠭᠯᠡᠬᠦ ᠲᠡᠷᠭᠡ ᠶᠢ ᠥᠭᠡᠷᠡᠴᠢᠯᠡᠨ ᠤᠭᠰᠠᠷᠠᠭᠰᠠᠨ ᠵᠠᠳᠠᠭᠠᠢ ᠬᠡᠯᠪᠡᠷᠢ ᠶᠢᠨ ᠬᠤᠭ | ᠨᠣᠪᠰᠢ ᠶᠢᠨ ᠲᠡᠷᠭᠡ ᠶᠢ ᠠᠰᠢᠭᠯᠠᠬᠤ ᠳᠤ᠂ ᠪᠥᠰ᠂ ᠲᠣᠣᠷ ᠵᠡᠷᠭᠡ ᠪᠠᠷ ᠪᠦᠲᠡᠭᠡᠵᠦ᠂ ᠬᠤᠭ ᠨᠣᠪᠰᠢ ᠶᠢᠨ ᠵᠠᠮ | ᠳᠠᠭᠠᠤ ᠶᠢᠨ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠳᠤ ᠥᠪᠡᠰᠦᠪᠡᠨ | ᠪᠠᠭᠤᠯᠭᠠᠬᠤ ᠮᠠᠶ᠋ᠢᠭ ᠤᠨ ᠪᠤᠶᠤ ᠠᠪᠴᠢᠭᠤᠯᠤᠭᠰᠠᠨ ᠮᠠᠶ᠋ᠢᠭ ᠤᠨ ᠬᠤᠭ ᠨᠣᠪᠰᠢ ᠶᠢᠨ ᠲᠡᠷᠭᠡ ᠶᠢ ᠬᠡᠷᠡᠭᠯᠡᠨ᠎ᠡ᠃ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠥᠷᠲᠡᠭᠡ᠂ ᠳᠠᠮᠵᠢᠭᠤᠯᠤᠨ ᠲᠡᠭᠡᠭᠡᠪᠦᠷᠢᠯᠡᠬᠦ | ᠥᠷᠲᠡᠭᠡ ᠨᠢ ᠨᠢᠭᠲᠠ ᠪᠢᠲᠡᠭᠦᠮᠵᠢᠯᠡᠬᠦ ᠠᠷᠭ᠎ᠠ ᠮᠠᠶ᠋ᠢᠭ ᠢ ᠠᠪᠴᠤ᠂ ᠪᠣᠷᠣᠭᠠᠨ ᠠᠴᠠ ᠰᠡᠷᠭᠡᠶᠢᠯᠡᠵᠦ᠂ ᠭᠠᠵᠠᠷ ᠤᠨ | ᠭᠠᠳᠠᠷᠭᠤ ᠶᠢ ᠬᠠᠲᠠᠭᠤᠷᠠᠭᠤᠯᠤᠨ ᠨᠡᠪᠴᠢᠬᠦ ᠶᠢ ᠰᠡᠷᠭᠡᠶᠢᠯᠡᠵᠦ᠂ ᠲᠣᠭᠤᠰᠣ ᠠᠷᠢᠯᠭᠠᠬᠤ᠂ ᠦᠮᠡᠬᠡᠢ ᠦᠨᠦᠷ ᠢ | ᠠᠷᠢᠯᠭᠠᠬᠤ᠂ ᠠᠷᠢᠭᠤᠳᠬᠠᠬᠤ᠂ ᠰᠢᠮᠡᠳᠦᠨ ᠱᠦᠭᠦᠬᠦ ᠰᠢᠩᠭᠡᠨ ᠢ ᠬᠤᠷᠢᠶᠠᠨ ᠴᠤᠭᠯᠠᠭᠤᠯᠬᠤ ᠵᠡᠷᠭᠡ ᠠᠷᠭ᠎ᠠ | ᠬᠡᠮᠵᠢᠶ᠎ᠡ ᠶᠢ ᠠᠪᠴᠤ᠂ ᠬᠤᠶᠠᠳᠠᠭᠢ ᠤᠳᠠᠭᠠᠨ ᠤ ᠪᠣᠬᠢᠷᠲᠤᠯ ᠢ ᠪᠣᠶ ᠪᠣᠯᠭᠠᠬᠤ ᠠᠴᠠ ᠵᠠᠶᠢᠯᠠᠰᠬᠢᠬᠦ ᠬᠡᠷᠡᠭᠲᠡᠢ᠃ | ᠭᠤᠷᠪᠠ᠂ ᠰᠢᠢᠳᠪᠦᠷᠢᠯᠡᠬᠦ | ᠠᠶᠢᠯ ᠲᠣᠰᠬᠤᠨ ᠤ ᠲᠠᠷᠬᠠᠯᠲᠠ᠂ ᠬᠤᠭ ᠨᠣᠪᠰᠢ ᠶᠢᠨ ᠭᠠᠷᠤᠯᠲᠠ ᠶᠢᠨ ᠬᠡᠮᠵᠢᠶ᠎ᠡ ᠵᠢᠴᠢ ᠦᠵᠦᠭᠦᠷ ᠤᠨ | ᠰᠢᠢᠳᠪᠦᠷᠢᠯᠡᠬᠦ ᠪᠡᠯᠡᠳᠬᠡᠮᠵᠢ ᠶᠢᠨ ᠴᠢᠳᠠᠪᠤᠷᠢ ᠵᠡᠷᠭᠡ ᠬᠦᠴᠦᠨ ᠵᠦᠢᠯ ᠢ ᠦᠨᠳᠦᠰᠦᠯᠡᠨ᠂ ᠮᠡᠷᠭᠡᠵᠢᠯ ᠤᠨ ᠠᠵᠤ | ᠠᠬᠤᠢ ᠶᠢᠨ ᠪᠣᠯᠣᠮᠵᠢᠲᠤ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ | ᠰᠣᠩᠭᠤᠬᠤ ᠬᠡᠷᠡᠭᠲᠡᠢ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠳᠤ ᠬᠤᠲᠠ ᠪᠠᠯᠭᠠᠰᠤ ᠶᠢᠨ ᠣᠷᠣᠨ | ᠪᠦᠰᠡ ᠶᠢᠨ ᠴᠢᠨᠠᠷᠲᠠᠢ ᠠᠮᠢᠳᠤᠷᠠᠯ ᠤᠨ ᠬᠤᠭ ᠨᠣᠪᠰᠢ ᠶᠢᠨ ᠦᠵᠦᠭᠦᠷ ᠤᠨ ᠰᠢᠢᠳᠪᠦᠷᠢᠯᠡᠬᠦ ᠪᠡᠯᠡᠳᠭᠡᠮᠵᠢ ᠶᠢ | ᠠᠰᠢᠭᠯᠠᠨ᠎ᠠ᠃ | ᠢᠯᠴᠢ ᠪᠠᠷ ᠰᠢᠢᠳᠪᠦᠷᠢᠯᠡᠬᠦ ᠤᠷᠠᠯᠠᠯ ᠨᠢ ᠢᠯᠴᠢ ᠪᠠᠷ ᠵᠠᠳᠠᠷᠠᠭᠤᠯᠬᠤ ᠬᠡᠶᠢᠵᠢᠭᠦᠯᠬᠦ ᠤᠷᠠᠯᠠᠯ ᠪᠤᠶᠤ ᠰᠢᠲᠠᠭᠠᠬᠤ | ᠤᠷᠠᠯᠠᠯ ᠢ ᠤᠷᠢᠳᠠᠪᠠᠷ ᠰᠣᠩᠭᠤᠵᠤ᠂ ᠰᠢᠢᠳᠪᠦᠷᠢᠯᠡᠬᠦ ᠮᠡᠷᠭᠡᠵᠢᠯ ᠨᠢ ᠬᠠᠮᠢᠶ᠎ᠠ ᠪᠦᠬᠦᠢ ᠪᠠᠷᠢᠮᠵᠢᠶ᠎ᠠ᠂ ᠮᠡᠷᠭᠡᠵᠢᠯ ᠤᠨ | ᠵᠢᠷᠤᠮᠵᠢᠯ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠠᠮᠢᠳᠤᠷᠠᠯ ᠤᠨ ᠬᠤᠭ ᠨᠣᠪᠰᠢ ᠶᠢ | ᠬᠠᠯᠠᠭᠤᠨ ᠢᠶᠠᠷ ᠵᠠᠳᠠᠷᠠᠭᠤᠯᠵᠤ ᠬᠡᠶᠢᠵᠢᠭᠦᠯᠬᠦ ᠪᠤᠶᠤ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠶᠢ ᠲᠠᠰᠤᠯᠳᠠᠭᠤᠯᠬᠤ | ᠦᠭᠡᠢ ᠪᠠᠷ ᠠᠵᠢᠯᠯᠠᠭᠤᠯᠵᠤ᠂ ᠲᠥᠬᠦᠭᠡᠷᠦᠮᠵᠢ ᠶᠢ ᠡᠬᠢᠯᠡᠭᠦᠯᠬᠦ᠂ ᠵᠣᠭᠰᠤᠭᠠᠬᠤ ᠲᠤᠭ᠎ᠠ ᠶᠢ ᠪᠠᠭᠠᠰᠬᠠᠪᠠᠯ ᠵᠣᠬᠢᠨ᠎ᠠ᠃ | ᠬᠠᠯᠠᠭᠤᠨ ᠢᠶᠠᠷ ᠵᠠᠳᠠᠷᠠᠭᠤᠯᠵᠤ ᠬᠡᠶᠢᠵᠢᠭᠦᠯᠬᠦ ᠪᠤᠶᠤ ᠰᠢᠲᠠᠭᠠᠬᠤ ᠶᠢ ᠤᠷᠢᠳᠴᠢᠯᠠᠨ ᠰᠢᠢᠳᠪᠦᠷᠢᠯᠡᠬᠦ | ᠰᠢᠰᠲ᠋ᠧᠮ ᠳᠤ ᠢᠯᠭᠠᠨ ᠰᠣᠩᠭᠤᠬᠤ᠂ ᠬᠡᠮᠬᠡᠴᠢᠬᠦ᠂ ᠤᠰᠤ ᠱᠦᠭᠦᠷᠡᠬᠦ ᠵᠡᠷᠭᠡ ᠭᠠᠷ ᠤᠷᠠᠯᠠᠯ ᠢ ᠪᠠᠭᠲᠠᠭᠠᠵᠤ᠂ | ᠢᠯᠭᠠᠨ ᠰᠣᠩᠭᠤᠬᠤ ᠭᠠᠷ ᠤᠷᠠᠯᠠᠯ ᠢ ᠪᠣᠳᠠᠲᠤ ᠪᠠᠶᠢᠳᠠᠯ ᠢᠶᠠᠨ ᠦᠨᠳᠦᠰᠦᠯᠡᠨ ᠮᠧᠬᠠᠨᠢᠭ ᠢᠶᠠᠷ ᠢᠯᠭᠠᠨ ᠰᠣᠩᠭᠤᠬᠤ | ᠪᠤᠶᠤ ᠬᠥᠮᠥᠨ ᠤ ᠬᠦᠴᠦ ᠪᠠᠷ ᠢᠯᠭᠠᠨ ᠰᠣᠩᠭᠤᠬᠤ ᠶᠢ ᠰᠣᠩᠭᠤᠵᠤ᠂ ᠬᠡᠮᠬᠡᠴᠢᠬᠦ ᠬᠡᠮᠵᠢᠶ᠎ᠡ ᠪᠠ ᠤᠰᠤ ᠱᠦᠭᠦᠷᠡᠬᠦ | ᠭᠠᠷ ᠤᠷᠠᠯᠠᠯ ᠢ ᠲᠣᠨᠤᠭ ᠲᠥᠬᠦᠭᠡᠷᠦᠮᠵᠢ ᠶᠢᠨ ᠮᠠᠲ᠋ᠧᠷᠢᠶᠠᠯ ᠣᠷᠣᠭᠤᠯᠬᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ | ᠦᠨᠳᠦᠰᠦᠯᠡᠨ ᠲᠣᠭᠲᠠᠭᠠᠬᠤ ᠬᠡᠷᠡᠭᠲᠡᠢ᠃ | ᠠᠮᠢᠳᠤᠷᠠᠯ ᠤᠨ ᠬᠤᠭ ᠨᠣᠪᠰᠢ ᠶᠢ ᠬᠠᠯᠠᠭᠤᠨ ᠢᠶᠠᠷ ᠵᠠᠳᠠᠷᠠᠭᠤᠯᠵᠤ ᠬᠡᠶᠢᠵᠢᠭᠦᠯᠬᠦ ᠪᠤᠶᠤ ᠰᠢᠲᠠᠭᠠᠵᠤ | ᠰᠢᠢᠳᠪᠦᠷᠢᠯᠡᠬᠦ ᠳᠤ ᠡᠷᠬᠡᠪᠰᠢ ᠤᠲᠤᠭ᠎ᠠ ᠴᠡᠪᠡᠷᠵᠢᠭᠦᠯᠬᠦ ᠰᠢᠰᠲ᠋ᠧᠮ ᠢ ᠲᠣᠬᠢᠷᠠᠭᠤᠯᠬᠤ ᠬᠡᠷᠡᠭᠲᠡᠢ᠃ ᠠᠮᠢᠳᠤᠷᠠᠯ ᠤᠨ | ᠬᠤᠭ ᠨᠣᠪᠰᠢ ᠶᠢ ᠰᠢᠲᠠᠭᠠᠭᠰᠠᠨ ᠤ ᠳᠠᠷᠠᠭᠠᠬᠢ ᠰᠢᠭᠠᠷᠤ ᠶᠢ ᠬᠠᠯᠠᠭᠠᠵᠤ ᠰᠢᠲᠠᠭᠠᠬᠤ ᠨᠣᠷᠮ᠎ᠠ ᠶᠢ 5% ᠠᠴᠠ | ᠢᠯᠡᠭᠦᠦ ᠪᠠᠶᠢᠯᠭᠠᠵᠤ ᠪᠣᠯᠬᠤ ᠦᠭᠡᠢ᠂ ᠰᠢᠭᠠᠷᠤ ᠶᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ | ᠲᠤᠬᠠᠢ ᠶᠢᠨ ᠭᠠᠵᠠᠷ ᠲᠤᠨᠢ ᠡᠬᠢ ᠪᠠᠶᠠᠯᠢᠭᠵᠢᠭᠤᠯᠤᠨ ᠠᠰᠢᠭᠯᠠᠵᠤ ᠪᠣᠯᠣᠨ᠎ᠠ᠃ | ᠪᠠᠴᠢᠮ ᠪᠠᠶᠢᠳᠠᠯ ᠢ ᠠᠷᠭᠠᠴᠠᠬᠤ ᠪᠠ ᠣᠨᠴᠣᠭᠤᠢ ᠲᠣᠭᠲᠠᠭᠠᠯ ᠠᠴᠠ ᠭᠠᠳᠠᠨ᠎ᠠ᠂ ᠡᠮᠴᠢᠯᠡᠭᠡᠨ ᠤ ᠬᠠᠶᠠᠭᠳᠠᠮᠠᠯ | ᠪᠣᠳᠠᠰ ᠢ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠠᠯᠠᠭᠠᠨ ᠵᠠᠳᠠᠷᠠᠭᠤᠯᠵᠤ ᠬᠡᠶᠢᠵᠢᠭᠦᠯᠬᠦ | ᠪᠤᠶᠤ ᠰᠢᠲᠠᠭᠠᠬᠤ ᠰᠢᠰᠲ᠋ᠧᠮ ᠲᠤ ᠣᠷᠣᠭᠤᠯᠤᠨ ᠰᠢᠢᠳᠪᠦᠷᠢᠯᠡᠵᠦ ᠪᠣᠯᠬᠤ ᠦᠭᠡᠢ᠃ | ᠲᠣᠮᠣ ᠵᠦᠢᠯ ᠤᠨ ᠬᠤᠭ ᠨᠣᠪᠰᠢ ᠶᠢ ᠰᠢᠨᠡᠳᠬᠡᠵᠦ ᠳᠠᠬᠢᠨ ᠠᠰᠢᠭᠯᠠᠬᠤ ᠳᠤ ᠲᠤᠬᠢᠷᠠᠨ᠎ᠠ᠂ ᠠᠰᠢᠭᠯᠠᠵᠤ ᠪᠣᠯᠬᠤ | ᠦᠭᠡᠢ ᠶᠢ ᠨᠢ ᠲᠥᠷᠥᠯ ᠬᠤᠪᠢᠶᠠᠨ ᠵᠠᠳᠠᠯᠵᠤ᠂ ᠳᠠᠬᠢᠨ ᠡᠭᠦᠰᠴᠦ ᠪᠣᠯᠬᠤ ᠮᠠᠲ᠋ᠧᠷᠢᠶᠠᠯ ᠢ ᠬᠤᠷᠢᠶᠠᠨ ᠠᠪᠤᠨ᠎ᠠ᠃ | 7 ᠤᠷᠲᠤ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠠᠮᠢᠳᠤᠷᠠᠯ ᠤᠨ ᠬᠤᠭ | ᠨᠣᠪᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠵᠠᠰᠠᠬᠤ ᠠᠵᠢᠯ ᠢ ᠵᠢᠯᠤᠭᠤᠳᠬᠤ ᠪᠠ ᠥᠷᠨᠢᠭᠦᠯᠬᠦ ᠶᠢ ᠬᠠᠷᠢᠭᠤᠴᠠᠵᠤ᠂ ᠣᠯᠠᠨ ᠰᠠᠯᠠᠭ᠎ᠠ ᠮᠥᠴᠢᠷ ᠤᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ | ᠠᠵᠢᠯᠯᠠᠭᠠᠨ ᠪᠠ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠨ᠎ᠠ᠃ | ᠵᠠᠰᠠᠭ ᠵᠠᠬᠢᠷᠭ᠎ᠠ ︵ᠭᠠᠴᠠᠭ᠎ᠠ︶ ᠲᠣᠰᠬᠤᠨ ᠨᠢ ᠲᠤᠬᠠᠢ ᠶᠢᠨ ᠭᠠᠵᠠᠷ ᠤᠨ ᠪᠣᠳᠠᠲᠠᠢ ᠳᠤ ᠨᠡᠶᠢᠴᠡᠭᠰᠡᠨ ᠠᠶᠢᠯ | ᠲᠣᠰᠬᠤᠨ ᠤ ᠠᠷᠢᠭᠤᠨ ᠴᠡᠪᠡᠷ ᠤᠨ ᠳᠦᠷᠢᠮ ᠢ ᠪᠠᠶᠢᠭᠤᠯᠵᠤ᠂ ᠲᠤᠰᠬᠠᠢ ᠲᠤᠰᠢᠶᠠᠯᠲᠤ ᠠᠵᠢᠯᠲᠠᠨ ᠢ ᠤᠷᠢᠬᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠬᠤᠳᠠᠯᠳᠤᠨ ᠠᠪᠬᠤ ᠪᠤᠶᠤ ᠭᠤᠷᠪᠠᠳᠠᠭᠢ ᠡᠲᠡᠭᠡᠳ ᠤᠨ | ᠦᠢᠯᠡᠴᠢᠯᠡᠭᠡᠨ ᠤ ᠺᠣᠮᠫᠠᠨᠢ ᠳᠤ ᠨᠠᠶᠢᠳᠠᠬᠤ ᠵᠡᠷᠭᠡ ᠠᠷᠭ᠎ᠠ ᠮᠠᠶ᠋ᠢᠭ ᠢ ᠠᠪᠴᠤ᠂ ᠲᠣᠭᠲᠠᠪᠤᠷᠢᠲᠠᠢ᠂ ᠥᠨᠳᠥᠷ ᠦᠷ᠎ᠡ | ᠪᠦᠲᠦᠮᠵᠢᠲᠡᠶ ᠠᠷᠢᠭᠤᠨ ᠴᠡᠪᠡᠷ ᠤᠨ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠢ᠃ ᠠᠶᠢᠯ ᠲᠣᠰᠬᠤᠨ ᠨᠢᠭᠡᠪᠦᠷᠢ | ᠶᠢᠨ ᠴᠡᠪᠡᠷᠯᠡᠭᠴᠢ ᠨᠢ 1 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠃ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠲᠥᠬᠦᠭᠡᠷᠦᠮᠵᠢ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ᠂ ᠬᠤᠷᠢᠶᠠᠨ ᠴᠤᠭᠯᠠᠭᠤᠯᠬᠤ ᠰᠠᠪᠠ ᠨᠢ ᠳᠤᠲᠠᠭᠤ ᠲᠣᠷᠭᠤᠨ᠂ ᠡᠪᠳᠡᠷᠡᠵᠦ | ᠴᠤᠴᠠᠷᠠᠭᠰᠠᠨ ᠦᠭᠡᠢ᠂ ᠪᠢᠲᠡᠭᠦᠮᠵᠢᠯᠡᠬᠦ ᠴᠢᠨᠠᠷ ᠢᠶᠠᠷ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠢ︔ ᠥᠷᠲᠡᠭᠡᠨ ᠤ | ᠳᠦᠷᠰᠦ ᠪᠠᠶᠢᠳᠠᠯ ᠨᠢ ᠴᠡᠪᠡᠷ ᠲᠡᠭᠰᠢ᠂ ᠪᠣᠬᠢᠷ ᠤᠰᠤ ᠦᠭᠡᠢ ᠪᠠᠶᠢᠬᠤ ᠬᠡᠷᠡᠭᠲᠡᠢ᠃ | ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ᠂ ᠰᠢᠢᠳᠪᠦᠷᠢᠯᠡᠬᠦ ᠲᠠᠯᠠᠪᠤᠷ ᠤᠨ ᠠᠵᠢᠯᠲᠠᠨ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠢᠶᠠᠷ ᠳᠡᠮᠵᠢᠨ᠂ ᠪᠡᠯᠡᠳᠬᠡᠮᠵᠢ᠂ | ᠲᠥᠬᠦᠭᠡᠷᠦᠮᠵᠢ ᠶᠢᠨ ᠮᠡᠷᠭᠡᠵᠢᠯ ᠤᠨ ᠴᠢᠳᠠᠮᠵᠢ᠂ ᠠᠶᠦᠯᠭᠦᠢ ᠠᠵᠢᠯᠯᠠᠭᠠᠨ ᠵᠢᠴᠢ ᠰᠡᠯᠪᠢᠨ ᠵᠠᠰᠠᠬᠤ ᠳᠦᠷᠢᠮ ᠢ | ᠡᠵᠡᠮᠰᠢᠬᠦ ᠬᠡᠷᠡᠭᠲᠡᠢ᠃ | ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠡᠬᠡ ᠲᠠᠩᠰᠠ ᠶᠢᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ | ᠨᠥᠬᠦᠴᠡᠯ ᠲᠠᠢ ᠭᠠᠵᠠᠷ ᠣᠷᠣᠨ ᠨᠢ ᠡᠭᠦᠯᠡᠨ ᠪᠣᠳᠣᠯᠲᠠ᠂ ᠪᠠᠷᠠᠭᠠᠨ ᠤ ᠮᠡᠳᠡᠭᠡ ᠵᠠᠩᠭᠢ ᠪᠠ ᠲᠣᠮᠣ ᠳ᠋ᠠᠶᠢᠲ᠋ᠠ | ᠵᠡᠷᠭᠡ ᠮᠡᠷᠭᠡᠵᠢᠯ ᠢ ᠠᠰᠢᠭᠯᠠᠨ᠂ ᠠᠮᠢᠳᠤᠷᠠᠯ ᠤᠨ ᠬᠤᠭ ᠨᠣᠪᠰᠢ ᠶᠢᠨ ᠪᠥᠬᠦ ᠶᠠᠪᠤᠴᠠ ᠶᠢ ᠮᠡᠳᠡᠭᠡ ᠵᠠᠩᠬᠢᠵᠢᠭᠤᠯᠤᠭᠰᠠᠨ | ᠂ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ ᠪᠣᠯᠣᠨ᠎ᠠ᠃ | | | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ | | |