ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/11/6
      ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠭᠤᠯᠠ ᠵᠠᠬᠢᠶᠠᠯᠠᠬᠤ ᠲᠠᠪᠴᠠᠩ ᠪᠠ ᠰᠦᠯᠵᠢᠶᠡᠨ ᠳᠤ ᠣᠷᠣᠭᠰᠠᠨ ᠨᠢᠭᠡᠴᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠢᠳᠡᠪᠬᠢᠲᠡᠢ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃      ᠨᠢᠭᠡ ᠳᠤ᠂ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ ᠶᠢ ᠥᠷᠨᠢᠭᠦᠯᠪᠡ᠃ ᠮᠠᠨ ᠤ ᠰᠢᠶᠠᠨ ᠤ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠴᠢᠩᠭ᠎ᠠ ᠬᠠᠮᠢᠶᠠᠷᠤᠨ᠂ ᠵᠠᠬᠢᠶᠠᠯᠠᠭ᠎ᠠ ᠶᠢᠨ ᠬᠤᠭᠤᠯᠠᠨ ᠤ ᠠᠵᠢᠯᠲᠠᠨ ᠤ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠪᠠ ᠶᠠᠪᠤᠴᠠ ᠶᠢᠨ ᠬᠢᠨᠠᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠳᠡᠭᠡᠭᠰᠢᠯᠡᠭᠦᠯᠬᠦ ᠬᠡᠷᠡᠭᠲᠡᠢ᠃ ᠰᠦᠯᠵᠢᠶᠡᠨ ᠤ ᠢᠳᠡᠭᠡᠨ ᠤᠮᠳᠠᠭᠠᠨ ᠤ ᠲᠠᠪᠴᠠᠩ ᠨᠢ ᠰᠦᠯᠵᠢᠶᠡᠨ ᠳᠤ ᠣᠷᠣᠭᠰᠠᠨ ᠡᠵᠡᠩᠨᠡᠭᠴᠢᠳ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠷᠢ ᠬᠡᠮ᠂ ᠵᠥᠪᠰᠢᠶᠡᠷᠡᠯ ᠤᠨ ᠮᠡᠳᠡᠭᠡ ᠵᠠᠩᠭᠢ ᠵᠡᠷᠭᠡ ᠠᠭᠤᠯᠭ᠎ᠠ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠬᠤᠭᠤᠯᠠ ᠵᠠᠬᠢᠶᠠᠯᠠᠬᠤ ᠲᠠᠪᠴᠠᠩ ᠪᠠ ᠰᠦᠯᠵᠢᠶᠡᠨ ᠳᠤ ᠣᠷᠣᠭᠰᠠᠨ ᠨᠢᠭᠡᠴᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠪᠴᠠᠩ ᠤᠨ ᠳᠣᠲᠣᠷᠠᠬᠢ ᠡᠵᠡᠩᠨᠡᠭᠴᠢᠳ ᠤᠨ ︽ᠦᠨᠡᠮᠯᠡᠯ ᠪᠠᠷᠢᠮᠵᠢᠶ᠎ᠠ ᠪᠠᠨ ᠢᠯᠡ ᠪᠣᠯᠭᠠᠵᠤ︾ ᠶᠢ ᠦᠨᠡᠨ ᠬᠦ ᠪᠠᠲᠤᠯᠠᠬᠤ ᠬᠡᠷᠡᠭᠲᠡᠢ᠃ ᠲᠡᠷᠡᠴᠢᠯᠡᠨ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠳᠡᠢ ᠭᠡᠵᠦ ᠱᠠᠭᠠᠷᠳᠠᠪᠠ᠃      ᠬᠤᠶᠠᠷ ᠲᠤ᠂ ᠲᠤᠰᠬᠠᠢ ᠵᠦᠢᠯ ᠤᠨ ᠪᠠᠶᠢᠴᠠᠭᠠᠯᠲᠠ ᠶᠢ ᠦᠷᠨᠢᠭᠦᠯᠪᠡ᠃ ᠮᠠᠨ ᠤ ᠰᠢᠶᠠᠨ ᠤ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠳᠤ ᠲᠤᠰᠬᠠᠢ ᠪᠠᠶᠢᠴᠠᠭᠠᠯᠲᠠ ᠥᠷᠨᠢᠭᠦᠯᠵᠦ᠂ ᠭᠤᠣᠯᠳᠠᠭᠤ ᠰᠦᠯᠵᠢᠶᠡᠨ ᠳᠡᠭᠡᠷᠡᠬᠢ ᠳᠡᠯᠭᠡᠭᠦᠷ ᠤᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠤᠨ ᠬᠢᠨᠠᠨ ᠪᠠᠶᠢᠴᠠᠭᠠᠯᠲᠠ ᠬᠢᠵᠦ᠂ ᠳᠡᠯᠭᠡᠭᠦᠷ ᠤᠨ ᠮᠡᠳᠡᠭᠡ ᠵᠠᠩᠭᠢ᠂ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠢᠳᠡᠰᠢᠨ ᠨᠣᠭᠤᠭᠠᠨ ᠤ ᠨᠡᠷᠡᠶᠢᠳᠦᠯ ᠵᠢᠴᠢ ᠭᠤᠣᠯ ᠲᠦᠭᠦᠬᠡᠢ ᠮᠠᠲ᠋ᠧᠷᠢᠶᠠᠯ ᠤᠨ ᠨᠡᠷᠡᠶᠢᠳᠦᠯ ᠵᠡᠷᠭᠡ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠵᠠᠷᠯᠠᠨ ᠨᠡᠶᠢᠲᠡᠯᠡᠭᠰᠡᠨ ᠡᠰᠡᠬᠦ ᠶᠢ ᠭᠤᠣᠯᠳᠠᠯᠭ᠎ᠠ ᠲᠠᠢ ᠬᠢᠨᠠᠨ  ᠬᠠᠷᠭᠤᠭᠤᠯᠪᠠ᠃ ᠡᠭᠦᠨ ᠤ ᠬᠠᠮᠲᠤ ᠥᠪᠡᠰᠦᠪᠡᠨ ᠪᠠᠶᠢᠴᠠᠭᠠᠬᠤ᠂ ᠲᠠᠰᠢᠷᠠᠮ ᠳᠠᠭᠠᠤ ᠪᠠᠶᠢᠴᠠᠭᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠰᠦᠯᠵᠢᠶ᠎ᠡ ᠪᠠᠷ ᠬᠢᠨᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠲᠡᠭᠡᠭᠰᠢᠯᠡᠭᠦᠯᠪᠡ᠃      ᠭᠤᠷᠪᠠ ᠳᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠤᠬᠠᠭᠤᠯᠭ᠎ᠠ ᠬᠥᠲᠥᠯᠥᠨ ᠵᠢᠯᠤᠭᠤᠳᠬᠤ ᠶᠢ ᠦᠷᠨᠢᠭᠦᠯᠪᠡ᠃ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠢ ᠰᠠᠨᠠᠭᠠᠴᠢᠯᠠᠨ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠢᠳᠡᠭᠡᠨ ᠤᠮᠳᠠᠭᠠᠨ ᠤ ᠬᠤᠳᠠᠯᠳᠤᠭᠠᠴᠢᠳ ᠢ ᠰᠢᠪᠠᠳᠠᠵᠤ ᠪᠠᠶᠢᠭᠠᠳ ᠬᠡᠷᠡᠭᠯᠡᠭᠴᠢᠳ ᠲᠤ ᠵᠣᠬᠢᠬᠤ ᠬᠡᠮᠵᠢᠶᠡᠨ ᠤ ᠬᠤᠭᠤᠯᠠ ᠵᠠᠬᠢᠶᠠᠯᠠᠬᠤ ᠶᠢ ᠰᠠᠨᠠᠭᠤᠯᠵᠤ᠂ ᠬᠤᠳᠠᠯᠳᠤᠭᠠᠴᠢᠳ ᠤᠨ ︽ᠵᠢᠵᠢᠭ ᠬᠤᠪᠢ ᠶᠢᠨ ᠨᠣᠭᠤᠭ᠎ᠠ︾ ︽ᠬᠠᠭᠠᠰ ᠬᠤᠪᠢ ᠶᠢᠨ ᠨᠣᠭᠤᠭ᠎ᠠ︾ ᠲᠠᠯᠪᠢᠬᠤ ᠶᠢ ᠵᠣᠷᠢᠭᠵᠢᠭᠤᠯᠤᠨ᠂ ᠬᠤᠳᠠᠯᠳᠤᠭᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠢᠳᠡᠭᠡᠨ ᠤᠮᠳᠠᠭᠠᠨ ᠤ ᠵᠦᠢᠯ ᠢ ᠡᠬᠢᠯᠡᠵᠦ ᠬᠦᠷᠭᠡᠬᠦ ᠦᠨ᠎ᠡ ᠬᠠᠩᠰᠢ᠂ ᠪᠣᠷᠤᠯᠠᠭᠤᠯᠭ᠎ᠠ ᠶᠢ ᠭᠦᠢᠴᠡᠳ ᠪᠠᠭᠤᠷᠠᠭᠤᠯᠬᠤ ᠳᠦᠷᠢᠮ ᠢ ᠵᠣᠬᠢᠰᠲᠠᠢ ᠲᠣᠭᠲᠠᠭᠠᠯᠭᠠᠵᠤ᠂ ᠡᠬᠢᠯᠡᠵᠦ ᠬᠦᠷᠭᠡᠬᠦ ᠦᠨ᠎ᠡ ᠬᠡᠲᠦ ᠥᠨᠳᠥᠷ ᠪᠣᠯᠤᠭᠰᠠᠨ ᠠᠴᠠ ᠪᠣᠯᠵᠤ ᠢᠳᠡᠭᠡᠨ ᠪᠦᠷᠢᠯᠭᠡᠬᠦ ᠶᠢ  ᠰᠡᠷᠭᠡᠶᠢᠯᠡᠪᠡ᠃      ᠣᠲᠣ ᠪᠣᠯᠲᠠᠯ᠎ᠠ᠂ ᠮᠠᠨ ᠤ ᠰᠢᠶᠠᠨ ᠤ ᠰᠦᠯᠵᠢᠶᠡᠨ ᠤ ᠢᠳᠡᠭᠡᠨ ᠤᠮᠳᠠᠭᠠᠨ ᠤ ᠲᠠᠪᠴᠠᠩ ᠤᠨ 1 ᠡᠷᠦᠬᠡ ᠶᠢ ᠪᠠᠶᠢᠴᠠᠭᠠᠵᠤ᠂ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠤᠨ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠠᠮᠠᠯᠠᠯᠲᠠ ᠶᠢᠨ ᠪᠢᠴᠢᠭ ᠲᠤ 1 ᠬᠤᠪᠢ ᠭᠠᠷ ᠤᠨ ᠥᠰᠥᠭ ᠵᠢᠷᠤᠵᠤ᠂ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠬᠢᠭᠡᠳ ᠬᠤᠳᠠᠯᠳᠤᠭᠠᠴᠢᠨ ᠤ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠤ 43 ᠬᠤᠪᠢ ᠭᠠᠷ ᠤᠨ ᠥᠰᠥᠭ ᠵᠢᠷᠤᠪᠠ᠃      ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠦᠯᠵᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠲᠠᠪᠴᠠᠩ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠲᠠᠪᠴᠠᠩ᠂ ᠰᠦᠯᠵᠢᠶᠡᠨ ᠳᠤ ᠣᠷᠣᠭᠰᠠᠨ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠥᠬᠦ ᠰᠢᠶᠠᠨ ᠤ ᠠᠷᠠᠳ ᠣᠯᠠᠨ ᠤ ᠰᠦᠯᠵᠢᠶᠡᠨ ᠤ ᠢᠳᠡᠭᠡᠨ ᠤᠮᠳᠠᠭᠠᠨ ᠤ ᠠᠮᠦᠷ ᠲᠦᠪᠰᠢᠨ ᠢ ᠪᠠᠳᠤᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1