ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠪᠢᠨ ᠭᠡᠷ ᠲᠣᠮᠢᠯᠠᠭᠰᠠᠨ ᠰᠠᠯᠪᠤᠷᠢ ᠄ ᠠᠷᠠᠳ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ ᠬᠦᠴᠢᠷ ᠵᠣᠪᠠᠭᠤᠷᠢ ᠶᠢ ᠠᠷᠢᠯᠭᠠᠨ᠎ᠠ
ᠨᠡᠶᠢᠲᠡᠯᠡᠭᠰᠡᠨ ᠴᠠᠭ᠄
2023/11/6
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠠᠬᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠪᠢᠨ ᠭᠡᠷ ᠲᠣᠮᠢᠯᠠᠭᠰᠠᠨ ᠰᠠᠯᠪᠤᠷᠢ ᠠᠷᠠᠳ ᠣᠯᠠᠨ ᠤ ᠦᠨᠳᠦᠰᠦᠨ ᠠᠰᠢᠭ ᠲᠤᠰᠠ ᠪᠠᠷ ᠡᠭᠦᠰᠬᠡᠯ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠶᠢ ᠲᠤᠰᠤᠯᠲᠠ ᠶᠢᠨ ᠴᠡᠭ ᠪᠣᠯᠭᠠᠵᠤ ᠂ ᠡᠷᠦᠬᠡ ᠠᠮᠠ ᠶᠢᠨ ᠲᠠᠩᠰᠠ ᠶᠢᠨ ᠴᠣᠩᠬᠤ ᠶᠢ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠭᠤᠣᠯ ᠵᠢᠭᠰᠠᠭᠠᠯ ᠤᠨ ᠭᠠᠵᠠᠷ ᠪᠣᠯᠭᠠᠨ᠂ ᠦᠢᠯᠡᠴᠢᠯᠡᠭᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠭᠤᠯᠭᠠᠬᠤ ᠬᠠᠮᠢᠶᠠᠷᠬᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠭᠦᠨᠵᠡᠭᠡᠶᠢᠷᠡᠭᠦᠯᠦᠨ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ︽ᠣᠶᠢᠷ᠎ᠠ ᠬᠠᠪᠢ ᠳᠠᠭᠠᠨ ᠭᠦᠢᠴᠡᠳᠬᠡᠬᠦ︾ ︽ᠳ᠋ᠢᠶᠠᠩᠬᠤᠸᠠ ᠪᠠᠷ ᠭᠦᠢᠴᠡᠳᠬᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠦᠨ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠪᠡ᠃      2023 ᠣᠨ ᠤ 11 ᠳ᠋ᠤᠭᠡᠷ ᠰᠠᠷ᠎ᠠ ᠶᠢᠨ 3 ᠤ ᠡᠳᠦᠷ᠂ ᠵᠠᠩ ᠠᠪᠤᠭᠠᠢ ︽ᠠᠷᠠᠳ ᠤᠨ ᠠᠯᠪᠠᠨ ᠵᠠᠷᠤᠴᠠ ᠠᠷᠠᠳ ᠤᠨ ᠵᠣᠪᠠᠯᠠᠩ ᠢ ᠲᠠᠶᠢᠯᠤᠨ᠎ᠠ︾ ᠭᠡᠰᠡᠨ ᠬᠡᠮᠡᠷᠯᠢᠭ ᠲᠤᠭ ᠢ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠠᠪᠢᠨ ᠭᠡᠷ ᠲᠣᠮᠢᠯᠠᠭᠰᠠᠨ ᠰᠠᠯᠪᠤᠷᠢ ᠳᠤ ᠬᠦᠷᠭᠡᠵᠦ᠂ ᠡᠷᠦᠬᠡ ᠠᠮᠠ ᠶᠢᠨ ᠲᠠᠩᠰᠠ ᠶᠢᠨ ᠴᠠᠭᠳᠠᠭ᠎ᠠ ᠶᠢᠨ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠲᠡᠭᠦᠨ ᠳᠤ ᠡᠷᠦᠬᠡ ᠠᠮᠠ ᠶᠢᠨ ᠲᠠᠩᠰᠠ ᠶᠢ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠭᠦᠭᠰᠡᠨ ᠳᠤ ᠲᠠᠯᠠᠷᠬᠠᠨ᠂ ᠲᠡᠭᠦᠨ ᠳᠤ ᠣᠯᠠᠨ ᠵᠢᠯ ᠭᠠᠴᠢᠭᠳᠠᠵᠤ ᠪᠠᠶᠢᠭᠰᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃      ᠠᠷᠠᠳ ᠤᠨ ᠠᠮᠢᠳᠤᠷᠠᠯ ᠳᠤ ᠦᠢᠯᠡᠴᠢᠯᠡᠵᠦ᠂ ᠵᠢᠵᠢᠭ ᠰᠠᠵᠢᠭ ᠵᠦᠢᠯ ᠢᠶᠠᠷ ᠶᠡᠭᠡ ᠬᠠᠨᠤᠮᠵᠢᠲᠠᠢ ᠪᠠᠶᠢᠬᠤ ᠶᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠲᠠᠪᠢᠨ ᠭᠡᠷ ᠲᠣᠮᠢᠯᠠᠭᠰᠠᠨ ᠰᠠᠯᠪᠤᠷᠢ ᠦᠷᠭᠦᠯᠵᠢᠯᠡᠨ ︽ᠭᠤᠣᠯ ᠰᠡᠳᠦᠪᠲᠦ ᠬᠥᠮᠦᠵᠢᠯ︾ ᠢᠶᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠡᠯ᠎ᠡ ᠵᠦᠢᠯ ᠤᠨ ᠠᠵᠢᠯ ᠤᠨ ᠢᠶᠠᠨ ᠡᠭᠦᠰᠬᠡᠯ ᠪᠠ ᠲᠡᠭᠦᠰᠬᠡᠯ ᠪᠣᠯᠭᠠᠵᠤ᠂ ᠪᠠᠭ᠎ᠠ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠣᠯᠠᠨ ᠲᠦᠮᠡᠨ ᠤ ︽ᠳᠣᠲᠣᠨᠣ ᠬᠥᠮᠥᠨ︾ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1