ᠲᠣᠭᠲᠠᠬᠤ ᠰᠢᠶᠠᠨ᠄ ᠠᠩᠬᠠᠨ ᠤ ᠪᠦᠯᠦᠭ ᠤᠨ ᠬᠤᠨ ᠭᠠᠯᠠᠭᠤ ᠬᠠᠲᠤᠨ ᠭᠤᠣᠯ ᠤᠨ ᠴᠢᠭᠢᠭᠯᠢᠭ ᠭᠠᠵᠠᠷ ᠤᠨ ︽ᠵᠣᠴᠢᠨ︾  ᠪᠤᠯᠵᠠᠢ
ᠨᠡᠶᠢᠲᠡᠯᠡᠭᠰᠡᠨ ᠴᠠᠭ᠄
2023/11/6
      ᠣᠶᠢᠷ᠎ᠠ ᠳᠤ᠂ ᠲᠣᠭᠲᠠᠬᠤ ᠰᠢᠶᠠᠨ ᠤ ᠬᠠᠲᠤᠨ ᠭᠤᠣᠯ ᠤᠨ ᠴᠢᠭᠢᠭᠯᠢᠭ ᠭᠠᠵᠠᠷ ᠲᠤ ᠡᠮᠦᠨᠡᠰᠢ ᠨᠡᠭᠦᠭᠰᠡᠨ ᠠᠩᠬᠠᠨ ᠤ ᠪᠦᠯᠦᠭ ᠬᠤᠨ ᠭᠠᠯᠠᠭᠤ ᠶᠢᠨ ᠨᠡᠭᠦᠳᠡᠯ ᠤᠨ ᠰᠢᠪᠠᠭᠤ ᠶᠢ ᠤᠭᠲᠤᠨ ᠠᠪᠴᠢᠷᠠᠵᠤ᠂ ᠬᠤᠯᠤᠰᠤᠨ ᠰᠥᠭᠡᠭ ᠤᠨ ᠳᠤᠮᠳᠠ᠂ ᠤᠰᠤᠨ ᠤ ᠨᠢᠭᠤᠷ ᠳᠡᠭᠡᠷ᠎ᠡ ᠵᠢᠭᠦᠷ ᠢᠶᠠᠨ ᠳᠡᠯᠭᠡᠨ᠂ ᠬᠦᠵᠦᠭᠦᠦ ᠪᠠᠨ ᠭᠤᠵᠣᠶᠢᠯᠭᠠᠨ᠂ ᠲᠣᠯᠣᠭᠠᠢ ᠪᠥᠬᠦᠶᠢᠨ ᠢᠳᠡᠰᠢ ᠡᠷᠢᠵᠦ᠂ ᠤᠰᠤᠨ ᠳᠤ ᠳᠡᠪᠬᠡᠷᠦᠨ ᠨᠢᠰᠴᠦ᠂ ᠬᠤᠨ ᠭᠠᠯᠠᠭᠤ ᠶᠢᠨ ᠭᠤᠶᠣ ᠰᠠᠶᠢᠬᠠᠨ ᠪᠥᠵᠢᠭ ᠤᠨ ᠳᠦᠷᠢ ᠪᠠᠶᠢᠳᠠᠯ ᠪᠠ ᠴᠢᠭᠢᠭᠯᠢᠭ ᠭᠠᠵᠠᠷ ᠤᠨ ᠭᠤᠶᠣ ᠰᠠᠶᠢᠬᠠᠨ ᠥᠩᠭᠡ ᠦᠵᠡᠮᠵᠢ ᠨᠢ ᠥᠩᠭᠡ ᠢᠯᠭᠠᠷᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠮᠢ ᠠᠬᠤᠢ ᠶᠢᠨ ᠵᠢᠷᠤᠭ ᠳᠦᠷᠰᠦ ᠶᠢ ᠪᠦᠷᠢᠯᠳᠦᠭᠦᠯᠵᠡᠢ᠃
     ᠣᠶᠢᠷ᠎ᠠ ᠶᠢᠨ ᠵᠢᠯ ᠤᠳ ᠲᠤ᠂ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠤᠨ ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠲᠣᠭᠲᠠᠬᠤ ᠰᠢᠶᠠᠨ ᠤ ᠬᠠᠲᠤᠨ ᠭᠤᠣᠯ ᠤᠨ ᠴᠢᠭᠢᠭᠯᠢᠭ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠡᠳᠦᠷ ᠢᠷᠡᠬᠦᠶ᠎ᠡ ᠰᠠᠶᠢᠵᠢᠷᠠᠵᠤ᠂ ᠮᠠᠰᠢ ᠣᠯᠠᠨ ᠨᠡᠭᠦᠳᠡᠯ ᠤᠨ ᠰᠢᠪᠠᠭᠤᠨ ᠤ ᠲᠥᠷᠥᠯ ᠪᠠ ᠬᠡᠭᠡᠷ᠎ᠡ ᠶᠢᠨ ᠠᠮᠢᠲᠠᠨ ᠢ ᠲᠡᠳᠡᠨ ᠠᠪᠴᠢᠷᠠᠵᠤ ᠦᠷᠡᠵᠢᠭᠦᠯᠦᠨ ᠠᠮᠢᠳᠤᠷᠠᠭᠤᠯᠵᠤ ᠪᠠᠶᠢᠨ᠎ᠠ᠃
ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1