ᠲᠤᠭᠳᠠᠬᠤ ᠰᠢᠶᠠᠨ᠄ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠠᠷᠠᠳ ᠤᠨ ᠵᠣᠪᠠᠭᠤᠷᠢ ᠶᠢ ᠲᠠᠶᠢᠯᠵᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/6
      ︽ᠣᠳᠣ ᠪᠢᠳᠡ ᠢᠳᠡᠬᠦ ᠤᠰᠤ ᠲᠠᠢ ᠪᠣᠯᠵᠤ᠂ ᠬᠦᠷᠢᠶᠡᠯᠡᠩ ᠢᠶᠠᠨ ᠴᠦ ᠵᠠᠰᠠᠵᠤ ᠰᠡᠯᠪᠢᠵᠡᠢ᠂ ᠡᠳᠡᠭᠡᠷ ᠠᠰᠠᠭᠤᠳᠠᠯ ᠢ ᠡᠶᠢᠮᠦ ᠲᠦᠷᠭᠡᠨ ᠰᠢᠢᠳᠪᠦᠷᠢᠯᠡᠵᠦ ᠴᠢᠳᠠᠭᠰᠠᠨ ᠨᠢ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠠᠴᠠ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠪᠠᠶᠢᠳᠠᠯ ᠢᠶᠠᠨ ᠴᠠᠭ ᠲᠤᠬᠠᠢ ᠳᠤᠨᠢ ᠲᠤᠰᠬᠠᠵᠤ᠂ ᠮᠠᠨ ᠤ ᠠᠷᠠᠳ ᠲᠦᠮᠡᠨ ᠳᠤ ᠦᠨᠡᠨ ᠪᠣᠳᠠᠲᠠᠢ ᠠᠵᠢᠯ ᠬᠢᠵᠦ ᠥᠭᠭᠦᠭᠰᠡᠨ ᠳᠤ ᠲᠠᠯᠠᠷᠬᠠᠬᠤ ᠬᠡᠷᠡᠭᠲᠡᠢ︾ ᠭᠡᠵᠦ ᠲᠤᠭᠳᠠᠬᠤ ᠰᠢᠶᠠᠨ ᠤ ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠬᠤᠩ ᠯᠢ ᠪᠠᠭ᠎ᠠ ᠲᠣᠭᠤᠷᠢᠭ ᠤᠨ ᠰᠠᠭᠤᠭᠠᠯᠢ ᠠᠷᠠᠳ ᠢ ᠡᠷᠭᠢᠵᠦ ᠰᠤᠷᠪᠤᠯᠵᠢᠯᠠᠬᠤ ᠳᠠᠭᠠᠨ ᠣᠯᠣᠭᠰᠠᠨ ᠥᠨᠳᠥᠷ ᠦᠨᠡᠯᠡᠯᠲᠡ ᠪᠣᠯᠣᠨ᠎ᠠ᠃      ᠡᠨᠡ ᠵᠢᠯ ᠤᠨ 6 ᠰᠠᠷ᠎ᠠ ᠶᠢᠨ 21 ᠤ ᠡᠳᠦᠷ᠂ ᠨᠠᠨᠫᠢᠩ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠠᠴᠠ ᠰᠠᠭᠤᠭᠠᠯᠢ ᠠᠷᠠᠳ ᠤᠨ ᠲᠤᠰᠬᠠᠭᠰᠠᠨ᠄ ᠬᠠᠷᠢᠶᠠᠲᠤ ᠣᠷᠣᠨ ᠤ ᠬᠤᠩ ᠯᠢ ᠵᠢᠵᠢᠭ ᠲᠣᠭᠤᠷᠢᠭ ᠲᠤ ᠶᠠᠭ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠬᠢᠵᠦ ᠪᠠᠶᠢᠨ᠎ᠠ᠂ ᠨᠢᠭᠡ ᠡᠷᠦᠬᠡ ᠰᠠᠭᠤᠭᠠᠯᠢ ᠠᠷᠠᠳ ᠥᠪᠡᠷ ᠤᠨ ᠭᠠᠵᠠᠷ ᠰᠢᠷᠣᠢ ᠶᠢᠨ ᠡᠷᠬᠡ ᠠᠰᠢᠭ ᠲᠤ ᠬᠠᠯᠳᠠᠭᠰᠠᠨ ᠢᠶᠠᠷ ᠰᠢᠯᠲᠠᠭ ᠪᠣᠯᠭᠠᠵᠤ ᠪᠠᠷᠢᠯᠭ᠎ᠠ ᠶᠢᠨ ᠡᠲᠡᠭᠡᠳ ᠤᠨ ᠪᠠᠷᠢᠯᠭ᠎ᠠ ᠶᠢᠨ ᠠᠵᠢᠯ ᠬᠢᠬᠦ ᠶᠢ ᠠᠯᠪᠠ ᠪᠠᠷ ᠬᠤᠷᠢᠭᠯᠠᠵᠤ᠂ ᠪᠦᠬᠦ᠋ᠢᠯᠡ ᠵᠢᠵᠢᠭ ᠲᠣᠭᠤᠷᠢᠭ ᠤᠨ ᠤᠰᠤ ᠵᠣᠭᠰᠣᠬᠤ ᠳᠤ ᠬᠦᠷᠦᠭᠦᠯᠵᠦ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠪᠠ ᠶᠠᠪᠤᠵᠤ ᠰᠠᠭᠤᠬᠤ ᠶᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠨ᠎ᠠ ᠃ ᠨᠡᠶᠢᠭᠡᠮ ᠲᠣᠭᠤᠷᠢᠭ ᠤᠨ ᠠᠵᠢᠯᠲᠠᠨ ᠪᠠ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠲᠡᠷᠡ ᠳᠠᠷᠤᠢ  ᠳᠤᠨᠢ ᠲᠤᠬᠠᠢ ᠶᠢᠨ ᠲᠠᠯᠠᠪᠤᠷ ᠲᠤ ᠬᠦᠷᠴᠦ ᠪᠠᠶᠢᠳᠠᠯ ᠢ ᠣᠶᠢᠯᠠᠭᠠᠪᠠ᠃ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠪᠣᠯᠣᠨ ᠱᠤᠸᠠᠩ ᠾᠧ ᠪᠠᠯᠭᠠᠰᠤᠨ ᠤ ᠵᠠᠰᠠᠭ ᠤᠨ ᠣᠷᠳᠣᠨ ᠤ ᠭᠠᠵᠠᠷ ᠰᠢᠷᠣᠢ ᠶᠢᠨ ᠬᠠᠮᠢᠶᠠᠷᠤᠯᠲᠠ ᠶᠢᠨ ᠭᠠᠵᠠᠷ᠂ ᠡᠮᠦᠨ᠎ᠡ ᠭᠤᠤ ᠭᠠᠴᠠᠭᠠᠨ ᠤ ᠠᠷᠠᠳ ᠤᠨ ᠵᠥᠪᠯᠡᠯ ᠪᠣᠯᠣᠨ ᠲᠤᠰ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠵᠡᠷᠭᠡ ᠤᠯᠠᠨ ᠲᠠᠯ᠎ᠠ ᠶᠢᠨ ᠬᠢᠨ ᠲᠠᠢ ᠨᠡᠪᠲᠡᠷᠡᠯᠴᠡᠬᠦ ᠶᠢᠨ ᠬᠠᠮᠲᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠵᠦ ᠵᠣᠬᠢᠴᠠᠭᠤᠯᠤᠨ ᠰᠢᠢᠳᠪᠦᠷᠢᠯᠡᠵᠦ᠂ ᠬᠠᠮᠤᠭ ᠡᠴᠦᠰ ᠲᠤ ᠪᠠᠷᠢᠯᠭ᠎ᠠ ᠶᠢᠨ ᠠᠵᠢᠯ ᠢ ᠲᠣᠭᠲᠠᠭᠰᠠᠨ ᠬᠤᠭᠤᠴᠠᠭᠠᠨ ᠳᠤᠨᠢ ᠬᠢᠵᠦ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠣᠯᠣᠨ ᠬᠡᠪ ᠤᠨ ᠶᠠᠪᠤᠵᠤ ᠰᠠᠭᠤᠬᠤ ᠠᠰᠠᠭᠤᠳᠠᠯ ᠢ ᠴᠥᠮ ᠤᠷᠤᠭᠰᠢᠲᠠᠢ ᠰᠢᠢᠳᠪᠦᠷᠢᠯᠡᠪᠡ᠃      ᠲᠤᠭᠳᠠᠬᠤ ᠰᠢᠶᠠᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ︽ᠹᠥ᠋ᠩᠴᠢᠶᠤᠤ  ᠶᠢᠨ ᠲᠤᠷᠰᠢᠯᠭ᠎ᠠ︾ ᠶᠢ ᠰᠤᠷᠤᠯᠴᠠᠨ ᠲᠣᠯᠢ ᠪᠣᠯᠭᠠᠬᠤ ᠪᠠ ︽ᠫᠦᠵᠢᠶᠠᠩ ᠤᠨ ᠲᠤᠷᠰᠢᠯᠭ᠎ᠠ︾ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠰᠢᠨ᠎ᠡ ᠰᠡᠳᠬᠢᠴᠡ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ︽ᠠᠷᠠᠳ ᠤᠨ ᠲᠥᠯᠥᠭᠡ ᠭᠦᠶᠦᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠢᠲᠡᠭᠡᠯ ᠢ ᠣᠯᠬᠤ︾ ᠦᠢᠯᠡᠳᠦᠯ ᠢ ᠦᠨᠡᠨᠬᠦ ᠪᠠᠳᠠᠷᠠᠭᠤᠯᠵᠤ᠂ ᠪᠦᠬᠦ ᠬᠤᠲᠠ ᠳᠤ ︽ᠭᠤᠷᠪᠠᠨ ᠱᠠᠲᠤᠨ ᠤ ᠱᠦᠵᠢ︾ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠠᠳᠬᠤᠬᠤ ᠳᠦᠷᠢᠮ ᠢ ᠤᠷᠢᠳᠠᠪᠠᠷ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ  ᠳᠤᠨᠢ ᠬᠠᠮᠤᠭ ᠤᠨ ᠶᠡᠭᠡ ᠬᠡᠮᠵᠢᠶ᠎ᠡ ᠪᠠᠷ ᠰᠢᠢᠳᠪᠦᠷᠢᠯᠡᠬᠦ  ᠪᠤᠯᠵᠠᠢ᠃       ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠪᠦᠷᠢᠨ ᠪᠦᠷᠬᠦᠭᠦᠯᠬᠦ       ᠲᠤᠭᠳᠠᠬᠤ ᠰᠢᠶᠠᠨ ︽1+6+N︾ ᠤᠨ ᠳᠡᠭᠡᠳᠦ ᠳᠣᠣᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ ᠵᠠᠭᠪᠤᠷ ᠶᠣᠰᠣᠭᠠᠷ᠂ 1 ᠰᠢᠶᠠᠨ ᠤ ᠱᠠᠲᠤ᠂ 6 ᠪᠠᠯᠭᠠᠰᠤᠨ ᠤ ᠱᠠᠲᠤ᠂ 137 ᠭᠠᠴᠠᠭ᠎ᠠ ︵ᠨᠡᠶᠢᠭᠡᠮ ᠲᠣᠭᠤᠷᠢᠭ︶ ᠶᠢᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢᠶᠠᠷ ᠳᠠᠮᠵᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠦᠢᠯᠡᠴᠢᠯᠡᠭᠡᠨ ᠤ ᠪᠠᠶᠢᠭᠤᠯᠤᠮᠵᠢ ᠶᠢ 144 ᠪᠠᠶᠢᠭᠤᠯᠵᠠᠢ᠂ ᠡᠭᠦᠨ ᠳᠤ᠄ ᠰᠢᠶᠠᠨ ᠤ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠲᠥᠪ 1᠂ ᠪᠠᠯᠭᠠᠰᠤᠨ ᠤ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠥᠷᠲᠡᠭᠡ 6᠂ ᠭᠠᠴᠠᠭ᠎ᠠ ︵ᠨᠡᠶᠢᠭᠡᠮ ᠲᠣᠭᠤᠷᠢᠭ︶ ᠶᠢᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠴᠡᠭ 137 ᠪᠤᠶ᠃ 439 ᠣᠷᠣᠯᠠᠨ ᠭᠦᠢᠴᠡᠳᠭᠡᠭᠴᠢ ᠶᠢ ᠲᠣᠭᠲᠠᠭᠠᠵᠤ᠂ ︽ᠰᠢᠶᠠᠨ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ︾ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠤᠰ ᠲᠤᠰ ᠣᠷᠣᠯᠠᠨ ᠭᠦᠢᠴᠡᠳᠭᠡᠭᠴᠢ᠂ ᠬᠠᠪᠰᠤᠷᠤᠨ ᠭᠦᠢᠴᠡᠳᠭᠡᠭᠴᠢ᠂ ᠭᠤᠣᠯᠯᠠᠨ ᠡᠷᠬᠢᠯᠡᠬᠦ ᠭᠤᠣᠯ ᠴᠣᠭᠴᠠ ᠪᠣᠯᠬᠤ ᠶᠢ ᠲᠣᠳᠣᠷᠬᠠᠶᠢᠯᠠᠵᠤ᠂ ︽ᠭᠤᠷᠪᠠᠨ ᠱᠠᠲᠤᠨ ᠤ ᠱᠦᠵᠢ︾ ᠲᠤᠰ ᠲᠤᠰ ᠨᠢᠭᠡᠳᠦᠭᠡᠷ ᠣᠷᠣᠯᠠᠨ ᠭᠦᠢᠴᠡᠳᠭᠡᠭᠴᠢ᠂ ᠬᠠᠪᠰᠤᠷᠤᠨ ᠭᠦᠢᠴᠡᠳᠭᠡᠭᠴᠢ᠂ ᠭᠤᠣᠯᠯᠠᠨ ᠡᠷᠬᠢᠯᠡᠭᠴᠢ ᠪᠣᠯᠬᠤ ᠶᠢ ᠲᠣᠳᠣᠷᠬᠠᠶᠢᠯᠠᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠵᠥᠷᠢᠴᠡᠯ ᠢ ᠠᠷᠢᠯᠭᠠᠬᠤ᠂ ᠬᠡᠷᠡᠭ ᠤᠨ ᠪᠣᠭᠤᠮᠲᠠ ᠰᠢᠪᠲᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠯᠠᠪᠳᠠᠭᠤᠨ ᠢᠶᠠᠷ ᠥᠷᠨᠢᠭᠦᠯᠵᠦ᠂ ︽ᠰᠢᠶᠠᠨ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠣᠷᠣᠯᠠᠨ ᠭᠦᠢᠴᠡᠳᠬᠡᠬᠦ︾ ᠶᠢ ᠨᠡᠶᠢᠳᠡᠮ ᠪᠦᠷᠬᠦᠭᠦᠯᠬᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠪᠦᠬᠦ ᠶᠠᠪᠤᠴᠠ ᠶᠢᠨ ᠪᠢᠲᠡᠭᠦᠦ ᠴᠠᠭᠠᠷᠢᠭ ᠢ ᠪᠡᠶᠡᠯᠡᠭᠦᠯᠵᠦ᠂ ︽ᠤᠯᠠᠨ ᠲᠦᠮᠡᠨ ᠵᠠᠬᠢᠶᠠᠯᠠᠬᠤ᠂ ᠺᠠᠳ᠋ᠷ ᠣᠷᠣᠯᠠᠨ ᠭᠦᠢᠴᠡᠳᠬᠡᠬᠦ︾ ᠬᠡᠷᠡᠭ ᠶᠠᠪᠤᠳᠠᠯ ᠰᠢᠢᠳᠪᠦᠷᠢᠯᠡᠬᠦ ᠵᠠᠷᠭᠤ ᠶᠢᠨ ᠪᠠᠶᠢᠳᠠᠯ ᠤᠨ ᠰᠢᠨ᠎ᠡ ᠬᠡᠯᠪᠡᠷᠢ ᠶᠢᠨ ᠠᠷᠭ᠎ᠠ ᠵᠠᠮ ᠢ ᠪᠤᠢ ᠪᠣᠯᠭᠠᠵᠤ᠂ ᠪᠦᠬᠦ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠤᠮ ᠢ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢ ᠦᠷᠭᠦᠯᠵᠢᠯᠡᠨ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ᠃      ᠲᠤᠭᠳᠠᠬᠤ ᠰᠢᠶᠠᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠪᠠᠨ ᠤᠷᠲᠤᠳᠬᠠᠵᠤ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠂ ︽ᠣᠯᠠᠨ ᠲᠦᠮᠡᠨ ᠤ ᠳᠡᠭᠡᠭᠰᠢ ᠰᠤᠷᠪᠤᠯᠵᠢᠯᠠᠬᠤ︾ ᠶᠢ ᠬᠦᠯᠢᠶᠡᠵᠦ ᠪᠠᠶᠢᠭᠰᠠᠨ ᠠᠴᠠ ᠪᠠᠨ ︽ᠣᠯᠠᠨ ᠲᠦᠮᠡᠨ ᠢ ᠣᠷᠣᠯᠠᠨ ᠭᠦᠢᠴᠡᠳᠬᠡᠬᠦ︾ ᠪᠣᠯᠵᠤ᠂ ︽ᠰᠠᠨᠠᠭᠠᠴᠢᠯᠠᠭ᠎ᠠ ᠦᠭᠡᠢ ᠪᠠᠷ ᠵᠥᠷᠢᠴᠡᠯ ᠢ ᠠᠷᠢᠯᠭᠠᠬᠤ︾ ᠠᠴᠠ ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ ᠪᠣᠯᠵᠤ ᠬᠤᠪᠢᠷᠠᠭᠰᠠᠨ ᠯᠤᠲᠤ ᠶᠡᠭᠡ ᠬᠤᠪᠢᠷᠠᠯᠲᠠ  ᠶᠢ ᠪᠡᠶᠡᠯᠡᠭᠦᠯᠵᠡᠢ᠃ ᠡᠨᠡ ᠵᠢᠯ ᠠᠴᠠ ᠨᠠᠰᠢ᠂ ᠪᠦᠬᠦ ᠰᠢᠶᠠᠨ ᠢᠶᠠᠷ ᠢᠶᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠡᠶᠢᠳᠡ 382 ᠬᠤᠪᠢ ᠣᠷᠣᠯᠠᠨ ᠰᠢᠢᠳᠪᠦᠷᠢᠯᠡᠵᠦ᠂ 341 ᠬᠤᠪᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠣᠷᠣᠯᠠᠨ ᠰᠢᠢᠳᠪᠦᠷᠢᠯᠡᠭᠰᠡᠨ ᠨᠤᠷᠮ᠎ᠠ ᠶᠢ 100% ᠳᠤ ᠬᠦᠷᠭᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠭᠰᠡᠨ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠦᠢᠯᠡᠴᠢᠯᠡᠭᠡ ᠪᠠᠷ ᠳᠠᠮᠵᠢᠭᠤᠯᠤᠨ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠵᠦ᠂ ᠪᠦᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠡᠶ᠎ᠡ ᠵᠣᠬᠢᠴᠠᠯ ᠲᠠᠢ ᠲᠣᠭᠲᠠᠭᠤᠨ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠪᠡ᠃      ᠰᠢᠶᠠᠨ ᠤ ᠨᠠᠮ ᠤᠨ ᠬᠤᠷᠢᠶᠠᠨ ᠤ ᠱᠦᠵᠢ ᠨᠢ ᠨᠢᠭᠡᠳᠦᠯᠲᠡᠢ ᠲᠥᠯᠥᠪᠯᠡᠨ ᠣᠷᠣᠯᠠᠨ ᠭᠦᠢᠴᠡᠳᠬᠡᠬᠦ ᠶᠢ ᠬᠠᠷᠢᠭᠤᠴᠠᠨ ᠠᠳᠬᠤᠵᠤ᠂ ᠣᠨᠴᠠᠭᠠᠶ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠰᠢᠶᠠᠨ ᠤ ᠨᠠᠮ ᠤᠨ ᠬᠤᠷᠢᠶᠠᠨ ᠤ ᠱᠦᠵᠢ ᠨᠢ ᠭᠤᠣᠯᠯᠠᠨ ᠡᠷᠬᠢᠯᠡᠭᠴᠢ᠂ ᠪᠦᠬᠦ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠬᠢᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠠᠵᠢᠯᠯᠠᠭᠤᠯᠬᠤ ᠶᠢ ᠬᠦᠴᠦᠯᠡᠨ ᠠᠬᠢᠭᠤᠯᠵᠤ᠂ ᠰᠠᠷ᠎ᠠ ᠪᠦᠷᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠵᠠᠳᠠᠯᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠪᠠᠷ ᠳᠠᠮᠵᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯᠳᠤᠭᠠᠨ ᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠲᠦᠯᠬᠢᠨ ᠠᠬᠢᠭᠤᠯᠬᠤ᠂ ᠰᠢᠪᠠᠳᠠᠨ ᠨᠠᠶᠢᠳᠠᠪᠤᠷᠢᠵᠢᠭᠤᠯᠬᠤ ᠵᠡᠷᠭᠡ ᠡᠭᠦᠷᠭᠡ ᠴᠢᠳᠠᠪᠤᠷᠢ ᠶᠢᠨ ᠦᠢᠯᠡᠳᠦᠯ ᠢ ᠪᠠᠶᠢᠩᠭᠤᠵᠢᠭᠤᠯᠤᠨ ᠪᠠᠳᠠᠷᠠᠭᠤᠯᠤᠨ᠎ᠠ᠃ ᠡᠭᠦᠨ ᠤ ᠬᠠᠮᠲᠤ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠪᠣᠯᠣᠨ ᠪᠦᠬᠦ ᠰᠢᠶᠠᠨ ᠤ ᠪᠤᠶ ᠪᠦᠬᠦᠢ ᠰᠢᠶᠠᠨ ᠭᠠᠵᠠᠷ ᠤᠨ ᠳᠡᠰ ᠤᠨ ᠤᠳᠤᠷᠢᠳᠬᠤ ᠺᠠᠳ᠋ᠷᠴᠤᠳ ᠢ ᠳᠠᠭᠠᠭᠤᠯᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠣᠨᠴᠠᠭᠠᠶ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠲᠤ ︽ᠲᠠᠪᠤ ᠶᠢ ᠳᠠᠭᠠᠭᠠᠴᠢᠯᠠᠬᠤ︾ ᠶᠢᠨ ᠬᠠᠷᠢᠭᠤᠴᠠᠯᠭ᠎ᠠ ︵ᠪᠠᠶᠢᠳᠠᠯ ᠢ ᠡᠵᠡᠮᠰᠢᠬᠦ᠂ ᠰᠢᠢᠳᠪᠦᠷᠢᠯᠡᠬᠦ ᠰᠢᠢᠳᠪᠦᠷᠢᠯᠡᠬᠦ  ᠶᠢ ᠳᠠᠭᠠᠭᠠᠴᠢᠯᠠᠬᠤ᠂ ᠦᠵᠡᠯ ᠰᠠᠨᠠᠭ᠎ᠠ ᠶᠢ ᠨᠡᠪᠲᠡᠷᠡᠭᠦᠯᠬᠦ ᠶᠢ ᠳᠠᠭᠠᠭᠠᠴᠢᠯᠠᠬᠤ᠂ ᠰᠤᠷᠭᠠᠨ ᠬᠥᠮᠦᠵᠢᠯ ᠢ ᠲᠣᠭᠲᠠᠭᠤᠨ ᠪᠠᠶᠢᠯᠭᠠᠬᠤ ᠶᠢ ᠳᠠᠭᠠᠭᠠᠴᠢᠯᠠᠬᠤ᠂ ᠵᠠᠭᠠᠯᠳᠤᠬᠤ  ᠶᠢ ᠵᠣᠭᠰᠤᠭᠠᠬᠤ ᠶᠢ ᠳᠠᠭᠠᠭᠠᠴᠢᠯᠠᠬᠤ︶ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ︽ᠡᠴᠦᠰ ᠤᠨ ᠰᠡᠷᠭᠡᠶᠢᠯᠡᠯᠲᠡ ᠶᠢᠨ ᠱᠤᠭᠤᠮ︾ ᠢ ᠰᠠᠶᠢᠲᠤᠷ ᠰᠠᠬᠢᠵᠤ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ︽ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠵᠤ︾᠂ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠤ ︽ᠤᠴᠢᠷ ᠶᠠᠪᠤᠳᠠᠯ ᠤᠨ ᠰᠡᠳᠬᠢᠯ ᠢ ᠬᠤᠣᠰᠯᠠᠭᠤᠯᠤᠨ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ᠡᠨᠡ ᠵᠢᠯ ᠠᠴᠠ ᠨᠠᠰᠢ᠂ ᠡᠷᠭᠢᠯᠡᠨ ᠬᠢᠭᠴᠢ 45 ᠬᠤᠪᠢ ᠣᠨᠴᠠᠭᠠᠶ ᠲᠦᠪᠡᠭᠲᠡᠢ ᠬᠡᠷᠡᠭ ᠢ ᠳᠠᠭᠠᠭᠠᠨ ᠬᠤᠯᠪᠣᠭᠠᠯᠠᠬᠤ ᠪᠠᠷ ᠳᠠᠮᠵᠢᠭᠤᠯᠤᠨ᠂ 38 ᠬᠤᠪᠢ ᠶᠢ ᠨᠢ ᠰᠢᠢᠳᠪᠦᠷᠢᠯᠡᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1