ᠱᠤᠸᠠᠩ ᠾᠧ ᠪᠠᠯᠭᠠᠰᠤᠨ ᠤ ᠵᠥᠩ ᠲᠠᠨ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠰᠠᠭᠤᠭᠠᠯᠢ ᠠᠷᠠᠳ ᠤᠨ ᠬᠠᠯᠠᠭᠤᠨ ᠳᠤᠯᠠᠭᠠᠨ ᠭᠡᠷ ᠣᠷᠣᠨ ᠢ ᠴᠤᠭᠴᠠᠯᠠᠶ᠎ᠠ
ᠨᠡᠶᠢᠲᠡᠯᠡᠭᠰᠡᠨ ᠴᠠᠭ᠄
2023/11/6
      ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠵᠦᠩ ᠲᠠᠨ ᠨᠡᠶᠢᠭᠡᠮ ᠲᠣᠭᠤᠷᠢᠭ ᠤᠨ ᠬᠢᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠳᠤ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠬᠤ᠂ ᠰᠣᠶᠣᠯ ᠢᠶᠠᠷ ᠣᠨᠴᠠᠯᠢᠭ ᠢᠶᠠᠨ ᠪᠣᠯᠭᠠᠬᠤ᠂ ᠵᠠᠰᠠᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠪᠠ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠰᠠᠭᠤᠭᠠᠯᠢ ᠠᠷᠠᠳ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠭᠤᠭᠠᠯᠢ ᠠᠷᠠᠳ ᠲᠤ ᠦᠢᠯᠡᠴᠢᠯᠡᠬᠦ ᠪᠠᠷ ᠭᠠᠷᠳᠠᠬᠤ ᠴᠡᠭ ᠪᠣᠯᠭᠠᠵᠤ᠂ ︽ᠨᠢᠭᠡ ᠨᠠᠰᠤᠲᠠᠨ ᠨᠢᠭᠡ ᠬᠡᠦᠬᠡᠳ ᠨᠢᠭᠡ ᠡᠮᠡᠭᠲᠡᠢ︾ ᠬᠥᠮᠥᠰ ᠤᠨ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠠᠩᠬᠠᠷᠴᠤ᠂ ᠬᠠᠷᠢᠶᠠᠲᠤ ᠣᠷᠣᠨ ᠤ ᠳᠠᠪᠠᠭᠤᠯᠢᠭ ᠡᠬᠢ ᠪᠠᠶᠠᠯᠢᠭ ᠢ ᠭᠦᠢᠴᠡᠳ ᠠᠭᠤᠳᠠᠯᠤᠨ᠂ ᠦᠢᠯᠡᠴᠢᠯᠡᠭᠡᠨ ᠤ ᠬᠠᠩᠭᠠᠯᠭ᠎ᠠ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠦᠨᠡᠨᠬᠦ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃      ︽ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠵᠦᠩ ᠲᠠᠨ ᠨᠡᠶᠢᠭᠡᠮ ᠲᠣᠭᠤᠷᠢᠭ ᠤᠨ  ᠬᠢᠨ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠭᠦᠨᠵᠡᠭᠡᠢ ᠰᠤᠷᠤᠯᠴᠠᠵᠤ ᠦᠨᠡᠨᠬᠦ ᠠᠵᠢᠯᠯᠠᠵᠤ᠂ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠡᠢ᠃ ᠵᠦᠩ ᠲᠠᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠵᠤᠤ ᠸᠧᠨ ᠬᠤᠢ ᠲᠠᠨᠢᠯᠴᠠᠭᠤᠯᠬᠤ ᠳᠠᠭᠠᠨ᠂ ᠡᠶ᠎ᠡ ᠡᠪᠲᠡᠢ ᠠᠵᠢᠯᠯᠠᠬᠤ ᠲᠠᠰᠤᠭ᠂ ᠭᠠᠩᠭᠠᠩ ᠬᠡᠦᠬᠡᠨ ᠤ ᠠᠵᠢᠯᠯᠠᠬᠤ ᠲᠠᠰᠤᠭ᠂ ᠮᠥᠩᠭᠦᠨ ᠬᠤᠩᠬᠤ ᠶᠢ ᠡᠳ᠋ᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠬᠤ ᠪᠠᠷ ᠳᠠᠮᠵᠢᠭᠤᠯᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ᠂ ᠭᠠᠷ ᠨᠡᠬᠡᠮᠡᠯ ᠤᠨ ᠤᠷ᠎ᠠ ᠮᠡᠷᠭᠡᠵᠢᠯ ᠤᠨ ᠪᠣᠯᠪᠠᠰᠤᠷᠠᠯ᠂ ᠰᠣᠶᠣᠯ ᠵᠤᠭ᠎ᠠ ᠴᠡᠩᠭᠡᠯ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠦᠨᠡᠨᠬᠦ  ᠲᠡᠭᠡᠭᠰᠢᠯᠡᠭᠦᠯᠪᠡ︾ ᠭᠡᠵᠡᠢ᠃      ᠣᠶᠢᠯᠠᠭᠠᠭᠰᠠᠨ ᠢᠶᠠᠷ᠂ 2020 ᠣᠨ ᠳᠤ ᠵᠥᠩ ᠲᠠᠨ ᠨᠡᠶᠢᠭᠡᠮ ᠲᠣᠭᠤᠷᠢᠭ ᠲᠤ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ ᠠᠬᠠᠮᠠᠳ ᠪᠠᠭᠰᠢ᠂ ᠠᠬᠠᠮᠠᠳ ᠡᠮᠴᠢ᠂ ᠠᠬᠠᠮᠠᠳ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ 7 ᠬᠥᠮᠥᠨ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠤᠭᠰᠠᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠲᠣᠰ ᠪᠡᠶ᠎ᠡ ᠶᠢᠨ ᠳᠠᠪᠠᠭᠤᠯᠢᠭ ᠢᠶᠠᠨ ᠦᠨᠳᠦᠰᠦᠯᠡᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠯᠪᠠᠨ ᠵᠢᠷᠤᠮ ᠤᠨ ᠡᠮᠴᠢᠯᠡᠭᠡ ᠬᠢᠬᠦ᠂ ᠲᠣᠬᠤᠨᠢᠭᠤᠯᠬᠤ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ︽ᠦᠢᠯᠡᠴᠢᠯᠡᠬᠦ ᠡᠲᠡᠭᠡᠳ︾ ᠢ ︽ᠦᠢᠯᠡᠴᠢᠯᠡᠬᠦ ᠬᠦᠴᠦᠨ︾ ᠪᠣᠯᠭᠠᠨ ᠬᠤᠪᠢᠷᠠᠭᠤᠯᠤᠨ᠎ᠠ᠃ ︽ᠨᠡᠶᠢᠭᠡᠮ ᠲᠣᠭᠤᠷᠢᠭ ᠤᠨ ᠠᠯᠪᠠᠨ ᠵᠢᠷᠤᠮ ᠤᠨ ᠡᠮᠴᠢᠯᠡᠭᠡ ᠨᠢ ᠨᠠᠰᠤᠲᠠᠶᠢᠴᠤᠳ ᠲᠤ ᠴᠢᠰᠤᠨ ᠳᠠᠷᠤᠯᠲᠠ ᠶᠢ ᠬᠡᠮᠵᠢᠬᠦ᠂ ᠰᠤᠳᠠᠯ ᠪᠠᠷᠢᠬᠤ ᠵᠡᠷᠭᠡ ᠡᠮᠴᠢᠯᠡᠭᠡᠨ ᠤ ᠦᠢᠯᠡᠴᠢᠯᠡᠭᠡ ᠶᠢ ᠣᠶᠢᠷ᠎ᠠ ᠬᠠᠪᠢ ᠳᠤᠨᠢ ᠡᠳ᠋ᠯᠡᠭᠦᠯᠵᠦ ᠪᠠᠶᠢᠭ᠎ᠠ ᠪᠣᠯᠬᠤᠷ ᠮᠠᠰᠢ ᠳᠥᠭᠦᠮ ᠶᠤᠮ︾᠃      ᠡᠭᠦᠨ ᠠᠴᠠ ᠭᠠᠳᠠᠨ᠎ᠠ᠂ ᠵᠥᠩ ᠲᠠᠨ ᠨᠡᠶᠢᠭᠡᠮ ᠲᠣᠭᠤᠷᠢᠭ ᠤᠨ ᠬᠢᠨ ᠪᠠᠶᠢᠩᠭᠤ ᠶᠢᠨ ᠴᠢᠨᠠᠷᠲᠠᠢ ᠵᠢᠭᠰᠠᠭᠠᠨ ᠪᠠᠶᠢᠴᠠᠭᠠᠬᠤ ᠲᠣᠭᠤᠷᠢᠨ ᠪᠠᠶᠢᠴᠠᠭᠠᠬᠤ ᠶᠠᠪᠤᠴᠠ ᠳᠤ᠂ ᠴᠥᠭᠡᠨ ᠪᠤᠰᠤ ᠡᠮᠡᠭᠲᠡᠶᠢᠴᠦᠳ ᠭᠡᠷ ᠲᠡᠭᠡᠨ ᠠᠵᠢᠯ ᠬᠦᠯᠢᠶᠡᠵᠦ᠂ ᠲᠣᠭᠲᠠᠮᠠᠯ ᠣᠷᠣᠯᠭ᠎ᠠ ᠦᠭᠡᠢ ᠪᠠᠶᠢᠬᠤ ᠶᠢ ᠣᠯᠵᠤ ᠮᠠᠲᠠᠵᠠᠢ᠃ ᠡᠨᠡ ᠬᠦ ᠠᠰᠠᠭᠤᠳᠠᠯ ᠳᠤ ᠴᠢᠭᠯᠡᠭᠦᠯᠦᠨ ᠂ ᠵᠥᠩ ᠲᠠᠨ ᠨᠡᠶᠢᠭᠡᠮ ᠲᠣᠭᠤᠷᠢᠭ ᠤᠨ ᠬᠢᠨ ᠡᠨᠡ ᠵᠢᠯ ︽ᠭᠠᠩᠭᠠᠩ ᠪᠦᠰᠡᠭᠦᠢ︾ ᠭᠠᠷ ᠤᠷᠠᠯᠠᠯ ᠤᠨ ᠪᠣᠯᠪᠠᠰᠤᠷᠠᠭᠤᠯᠤᠯ ᠤᠨ ᠪᠦᠯᠬᠦᠮ ᠢ ᠣᠷᠣᠭᠤᠯᠤᠨ ᠠᠪᠴᠢᠷᠠᠵᠤ᠂ ᠮᠡᠷᠭᠡᠵᠢᠯ ᠴᠢᠳᠠᠪᠤᠷᠢ ᠶᠢᠨ ᠵᠢᠭᠠᠨ ᠰᠤᠷᠭᠠᠯᠲᠠ᠂ ᠵᠠᠬᠢᠶᠠᠯᠠᠭ᠎ᠠ ᠶᠢᠨ ᠬᠠᠭᠤᠳᠠᠰᠤ ᠲᠠᠷᠬᠠᠭᠠᠬᠤ᠂ ᠰᠢᠷᠬᠡᠭ ᠢᠶᠠᠷ ᠪᠤᠳᠤᠵᠤ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠲᠠᠪᠴᠠᠩ ᠢ ᠪᠠᠶᠢᠭᠤᠯᠪᠠ᠃      ᠵᠥᠩ ᠲᠠᠨ ᠨᠡᠶᠢᠭᠡᠮ ᠲᠣᠭᠤᠷᠢᠭ ᠤᠨ ᠬᠢᠨ ᠪᠠᠰᠠ ᠬᠠᠷᠢᠶᠠᠲᠤ ᠣᠷᠣᠨ ᠤ ᠪᠠᠨ ᠵᠠᠯᠠᠭᠤᠴᠤᠳ ᠪᠠᠭᠠᠴᠤᠳ ᠲᠤ ᠠᠯᠢ ᠣᠯᠠᠨ ᠥᠪᠡᠷᠮᠢᠴᠡ᠂ ᠨᠠᠷᠢᠯᠢᠭ ᠣᠨᠣᠴᠠᠲᠠᠢ᠂ ᠣᠯᠠᠨ ᠶᠠᠩᠵᠤ ᠶᠢᠨ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠠᠵᠢᠯᠯᠠᠭ᠎ᠠ ᠶᠢᠨ ᠦᠷᠦᠭᠡ᠂ ᠶᠦᠨ ᠵᠦᠩ ᠨᠣᠮ ᠤᠨ ᠦᠷᠦᠭᠡ ᠶᠢ ᠪᠠᠶᠢᠭᠤᠯᠬᠤ ᠪᠠᠷ ᠳᠠᠮᠵᠢᠭᠤᠯᠵᠤ᠂ ᠠᠳᠠᠯᠢ ᠪᠤᠰᠤ ᠨᠠᠰᠤᠨ ᠤ ᠬᠡᠦᠬᠡᠳ ᠤᠨ ᠬᠡᠷᠡᠭᠴᠡᠭᠡ ᠶᠢ ᠬᠠᠩᠭᠠᠵᠤ᠂ ᠰᠠᠷ᠎ᠠ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ︽ ᠬᠤᠪᠢᠰᠬᠠᠯᠳᠦ ᠰᠡᠳᠬᠢᠯ ᠢᠶᠠᠷ ᠨᠠᠮ ᠢᠶᠠᠨ ᠵᠣᠷᠢᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ︾᠂ ︽ᠲᠦᠷᠦᠯ ᠰᠠᠳᠤᠨ ᠦᠷ᠎ᠡ ᠬᠡᠦᠬᠡᠳ ᠬᠠᠷᠢᠯᠴᠠᠨ ᠬᠥᠳᠡᠯᠦᠯᠴᠡᠵᠦ ᠂ ᠬᠠᠶᠢᠷ᠎ᠠ ᠰᠡᠳᠬᠢᠯᠭᠡ ᠪᠠᠨ ᠤᠯᠠᠮᠵᠢᠯᠠᠨ ᠬᠡᠦᠬᠡᠳ ᠤᠨ ᠰᠡᠳᠬᠢᠯ ᠢ ᠤᠮᠳᠠᠯᠠᠬᠤ︾ ᠵᠡᠷᠭᠡ ᠨᠠᠰᠤᠨ ᠳᠤ ᠦᠯᠦ ᠬᠦᠷᠦᠭᠰᠡᠳ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠤᠳᠤ ᠪᠣᠯᠲᠠᠯ᠎ᠠ ᠨᠢᠭᠡᠨᠲᠡ 30 ᠭᠠᠷᠤᠢ ᠤᠳᠠᠭ᠎ᠠ ᠥᠷᠨᠢᠭᠦᠯᠵᠡᠢ᠃ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠲᠤ ᠪᠠᠶᠢᠩᠭᠤ ᠲᠣᠬᠢᠶᠠᠯᠳᠤᠳᠠᠭ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠳᠤ ᠴᠢᠭᠯᠡᠭᠦᠯᠦᠨ᠂ ᠪᠠᠰᠠ ᠰᠡᠳᠬᠢᠴᠡ ᠶᠢᠨ ᠬᠠᠪᠰᠤᠷᠤᠨ ᠵᠢᠯᠤᠭᠤᠳᠬᠤ ᠪᠠᠭᠰᠢ ᠶᠢ ᠤᠷᠢᠵᠤ ᠨᠡᠶᠢᠭᠡᠮ ᠲᠣᠭᠤᠷᠢᠭ ᠲᠤ ᠣᠷᠣᠭᠤᠯᠤᠨ ᠵᠠᠯᠠᠭᠤᠴᠤᠳ ᠪᠠᠭᠠᠴᠤᠳ ᠲᠤ ᠰᠡᠳᠬᠢᠴᠡ ᠶᠢᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠪᠠ᠃      ᠵᠦᠩ ᠲᠠᠨ ᠨᠡᠶᠢᠭᠡᠮ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠤᠨ ᠳᠤᠮᠳᠠ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠠᠬᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠬᠢ ᠶᠢ ᠳᠤᠪᠤᠶᠢᠯᠭᠠᠵᠤ᠂ ᠵᠡᠭᠡᠯᠢ ᠲᠣᠭᠤᠷᠢᠭ ᠲᠤ ᠰᠠᠭᠤᠭ᠎ᠠ ᠪᠠᠶᠢᠭᠤᠯᠤᠯᠭ᠎ᠠ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠲᠠᠢ ᠬᠠᠮᠲᠤᠷᠠᠵᠤ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢ ᠬᠠᠮᠲᠤᠪᠠᠷ ᠠᠬᠢᠭᠤᠯᠵᠤ᠂ ᠤᠯᠠᠨ ᠲᠦᠮᠡᠨ ᠲᠠᠢ ᠬᠠᠮᠲᠤᠪᠠᠷ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠪᠡ᠃ ᠲᠣᠭᠤᠷᠢᠭ ᠲᠤ ᠰᠠᠭᠤᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠲᠠᠢ ︽ᠬᠤᠣᠰ ᠴᠢᠭᠯᠡᠯᠲᠦ ᠦᠢᠯᠡᠴᠢᠯᠡᠭᠡ︾ ᠶᠢᠨ ᠨᠠᠷᠢᠨ ᠳᠠᠩᠰᠠ ᠲᠣᠭᠲᠠᠵᠤ᠂ ︽ᠤᠯᠠᠨ ᠲᠦᠮᠡᠨ ᠤ ᠳᠤᠮᠳᠠ ᠭᠦᠨᠵᠡᠭᠡᠶᠢᠷᠡᠨ ᠠᠷᠠᠳ ᠤᠨ ᠪᠠᠶᠢᠳᠠᠯ ᠢ ᠰᠤᠷᠪᠤᠯᠵᠢᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠠᠷ ᠭᠠᠷᠳᠠᠴᠠ ᠪᠣᠯᠭᠠᠵᠤ᠂ ᠨᠡᠶᠢᠭᠡᠮ ᠲᠣᠭᠤᠷᠢᠭ ᠤᠨ ᠴᠡᠴᠡᠷᠯᠢᠭ ᠲᠤ ᠭᠦᠨᠵᠡᠭᠡᠶᠢᠷᠡᠨ ᠰᠠᠨᠠᠯ ᠬᠤᠷᠢᠶᠠᠬᠤ᠂ ᠰᠦᠯᠵᠢᠶᠡᠨ ᠤ ᠨᠠᠮ ᠤᠨ ᠳᠤᠭᠤᠶᠢᠯᠠᠩ ᠢ ᠡᠷᠦᠬᠡ ᠳᠤ ᠣᠷᠣᠭᠤᠯᠬᠤ᠂ 12345 ᠠᠵᠢᠯ ᠤᠨ ᠬᠠᠭᠤᠳᠠᠰᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠷᠢᠭᠤ ᠲᠤᠰᠬᠠᠭᠰᠠᠨ ᠰᠠᠨᠠᠯ ᠵᠡᠷᠭᠡ ᠠᠷᠭ᠎ᠠ ᠬᠡᠯᠪᠡᠷᠢ ᠪᠠᠷ ᠠᠰᠠᠭᠤᠳᠠᠯ ᠢ ᠴᠤᠭᠯᠠᠭᠤᠯᠵᠤ᠂ ᠤᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ᠂ ︽ᠤᠯᠠᠨ ᠲᠦᠮᠡᠨ ᠤ ᠬᠡᠷᠡᠭᠴᠡᠭᠡ ᠶᠢᠨ ᠨᠠᠷᠢᠨ ᠲᠠᠩᠰᠠ︾ 42 ᠵᠦᠢᠯ ᠢ ᠪᠦᠷᠢᠯᠳᠦᠭᠦᠯᠵᠦ᠂ ᠣᠳᠣᠬᠠᠨ ᠳᠤ᠂ ᠨᠢᠭᠡᠨᠲᠡ 25 ᠵᠦᠢᠯ ᠤᠨ ᠤᠯᠠᠨ ᠲᠦᠮᠡᠨ ᠤ ᠬᠡᠷᠡᠭᠴᠡᠭᠡ ᠶᠢ ᠰᠢᠢᠳᠪᠦᠷᠢᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1