ᠮᠠᠨ ᠤ ᠰᠢᠶᠠᠨ ᠤ 4 ᠬᠡᠷᠡᠯ ᠵᠢᠷᠤᠭ ᠤᠨ ᠪᠦᠲᠦᠭᠡᠯ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ · ᠦᠵᠡᠰᠬᠦᠯᠡᠩᠲᠦ ᠰᠠᠶᠢᠬᠠᠨ ᠬᠦᠬᠡᠬᠤᠳᠠ︾ ᠭᠡᠬᠦ ᠭᠤᠣᠯ ᠰᠡᠳᠦᠪᠲᠦ ᠬᠡᠷᠡᠯ ᠵᠢᠷᠤᠭ ᠤᠨ ᠦᠵᠡᠰᠬᠦᠯᠡᠩ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/11/6
      ᠡᠨᠡ ᠤᠳᠠᠭ᠎ᠠ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠳᠡᠯᠭᠡᠨ ᠦᠵᠡᠭᠦᠯᠦᠭᠰᠡᠨ 150 ᠪᠦᠲᠦᠭᠡᠯ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠢᠵᠢᠮ ᠪᠣᠯᠭᠠᠵᠤ᠂ ᠣᠷᠣᠨ ᠤ ᠲᠥᠪ ᠤᠨ ᠬᠥᠭᠵᠢᠯᠲᠡ ᠶᠢᠨ ᠴᠢᠳᠠᠪᠤᠷᠢ ᠶᠢᠨ ᠳᠡᠰ ᠪᠦᠬᠦ ᠲᠠᠯ᠎ᠠ ᠪᠠᠷ ᠳᠡᠭᠡᠭᠰᠢᠯᠡᠭᠰᠡᠨ ︽ᠪᠣᠳᠠᠲᠤ ᠬᠦᠴᠦᠨ ᠤ ᠬᠤᠲᠠ︾᠂ ᠠᠵᠤ ᠦᠢᠯᠡᠰ ᠤᠨ ᠪᠦᠯᠦᠭᠯᠡᠯ ᠤᠨ ᠳᠠᠪᠠᠭᠤᠯᠢᠭ ᠢᠶᠠᠷ ᠲᠣᠪᠣᠶᠢᠮ᠎ᠠ ︽ᠬᠥᠭᠵᠢᠯᠲᠡ ᠶᠢᠨ ᠬᠤᠲᠠ︾᠂ ᠬᠤᠲᠠ ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠭᠰᠡᠨ ︽ᠦᠵᠡᠰᠬᠦᠯᠡᠩᠲᠦ ᠰᠠᠶᠢᠬᠠᠨ ᠬᠤᠲᠠ︾᠂ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠶᠢᠨ ᠥᠷᠨᠢᠭᠦᠨ ᠨᠡᠮᠡᠭᠳᠡᠯ ᠤᠨ ︽ᠠᠮᠢᠵᠢᠷᠠᠯ ᠤᠨ ᠬᠦᠴᠦᠨ ᠤ ᠬᠤᠲᠠ︾ ᠪᠠ ᠵᠠᠯᠠᠭᠤᠴᠤᠳ ᠤᠨ ᠬᠦᠰᠡᠯ ᠡᠷᠡᠮᠡᠯᠵᠡᠯ᠂ ᠨᠠᠰᠤᠲᠠᠶᠢᠴᠤᠳ ᠤᠨ ᠠᠮᠤᠷ ᠠᠮᠤᠭᠤᠯᠠᠩ ︽ᠵᠣᠯ ᠵᠢᠷᠭᠠᠯᠲᠤ ᠬᠤᠲᠠ︾ ᠵᠡᠷᠭᠡ ᠲᠠᠯ᠎ᠠ ᠪᠠᠷ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠪᠦᠬᠦ ᠲᠠᠯ᠎ᠠ ᠪᠠᠷ ᠲᠡᠮᠳᠡᠭᠯᠡᠵᠦ᠂ ᠰᠢᠨ᠎ᠡ ᠴᠠᠭ ᠦᠶ᠎ᠡ ᠶᠢᠨ ᠣᠷᠣᠨ ᠤ ᠲᠥᠪ ᠤᠨ ᠠᠷᠠᠳ ᠲᠦᠮᠡᠨ ᠤ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠲᠤᠰᠬᠠᠵᠤ᠂ ᠠᠳᠠᠯᠢ ᠪᠤᠰᠤ ᠬᠠᠷᠠᠭᠠᠰᠤ ᠠᠴᠠ ᠰᠢᠨ᠎ᠡ ᠴᠠᠭ ᠦᠶ᠎ᠡ ᠶᠢᠨ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠠᠴᠠ ᠠᠷᠠᠳ ᠣᠯᠠᠨ ᠳᠤ ᠣᠯᠭᠤᠭᠰᠠᠨ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠤᠨ ᠪᠠᠶᠠᠷᠯᠠᠭᠤᠰᠢᠲᠠᠢ ᠪᠠᠶᠢᠳᠠᠯ ᠢ ᠢᠯᠡᠷᠡᠭᠦᠯᠪᠡ᠃
ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1