ᠲᠣᠭᠲᠠᠬᠤ ᠰᠢᠶᠠᠨ᠄ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠤ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ  ᠠᠬᠢᠭᠤᠯᠤᠶ᠎ᠠ
ᠨᠡᠶᠢᠲᠡᠯᠡᠭᠰᠡᠨ ᠴᠠᠭ᠄
2023/11/6
      ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ ᠶᠢᠨ ᠭᠤᠣᠯ ᠰᠡᠳᠦᠪ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠲᠡᠯ᠎ᠡ ᠣᠶᠢᠯᠠᠭᠠᠬᠤ ᠢᠲᠡᠭᠡᠬᠦ ᠠᠵᠢᠯᠯᠠᠬᠤ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠪᠣᠰᠬᠠᠬᠤ ᠳᠤᠮᠳᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠵᠦ᠂ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢᠶᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠵᠠᠢ᠃      ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ ᠶᠢ ᠪᠠᠷᠢᠮᠲᠠᠯᠠᠵᠤ᠂ ︽ᠤᠶᠤᠨ ᠰᠠᠨᠠᠭᠠᠨ ᠤ ᠺᠠᠯᠼ︾ ᠢ ᠭᠦᠢᠴᠡᠳ ᠨᠥᠬᠦᠪᠦᠷᠢᠯᠡᠬᠦ ᠬᠡᠷᠡᠭᠲᠡᠢ᠃ ᠲᠣᠭᠲᠠᠬᠤ ᠰᠢᠶᠠᠨ ᠤ ︽ᠰᠤᠷᠤᠯᠴᠠᠬᠤ︾ ᠭᠤᠣᠯ ᠬᠦᠭ ᠠᠶᠠᠰ ᠢ ᠪᠠᠲᠤ ᠡᠵᠡᠮᠳᠡᠵᠦ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ 435 ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡᠬᠦ ︽ᠵᠣᠩᠬᠢᠯᠠᠬᠤ ᠤᠯᠠᠨ︾ ᠢᠶᠠᠷ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ︽ᠵᠠᠩᠭᠢᠯᠠᠭ᠎ᠠ ᠶᠢᠨ ᠠᠷᠭ᠎ᠠ︾ ᠳᠤ ᠲᠦᠰᠢᠭᠯᠡᠨ᠂ ᠤᠨᠤᠯ ᠤᠨ ᠰᠤᠷᠤᠯᠴᠠᠯᠭ᠎ᠠ ᠶᠢ 534 ᠤᠳᠠᠭ᠎ᠠ ᠰᠤᠳᠤᠯᠤᠨ ᠶᠠᠷᠢᠯᠴᠠᠵᠤ᠂ 390 ᠤᠳᠤᠷᠢᠳᠬᠤ ᠺᠠᠳ᠋ᠷ ᠢ ᠬᠠᠮᠤᠷᠴᠤ᠂ 18730 ᠬᠥᠮᠥᠨ ᠤᠳᠠᠭ᠎ᠠ ᠶᠢᠨ ᠰᠤᠷᠤᠯᠴᠠᠯᠭ᠎ᠠ ᠳᠤ ᠣᠷᠣᠯᠴᠠᠪᠠ᠃ ᠡᠭᠦᠨ ᠤ ᠬᠠᠮᠲᠤ᠂ ᠤᠯᠤᠰ ᠢᠶᠠᠨ ᠬᠦᠴᠦᠷᠬᠡᠭᠵᠢᠭᠦᠯᠬᠦ ᠲᠠᠪᠴᠠᠩ᠂ ᠸᠢᠴᠠᠲ᠂ ᠪᠢᠴᠢᠯ ᠸᠢᠳᠢᠤ᠋ ᠵᠡᠷᠭᠡ ︽ᠡᠭᠦᠯᠡᠨ ᠬᠢᠴᠢᠶᠡᠯ ᠤᠨ ᠲᠠᠩᠬᠢᠮ︾ ᠢ ᠰᠠᠶᠢᠲᠤᠷ ᠰᠤᠷᠤᠯᠴᠠᠬᠤ ᠶᠢ ᠰᠠᠶᠢᠲᠤᠷ ᠠᠰᠢᠭᠯᠠᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠤᠨᠤᠯ ᠰᠤᠷᠤᠯᠴᠠᠬᠤ ᠲᠠᠪᠴᠠᠩ ᠢ ᠪᠠᠶᠢᠭᠤᠯᠵᠤ᠂ ᠤᠨᠤᠯ ᠤᠨ ᠰᠤᠷᠤᠯᠴᠠᠯᠭ᠎ᠠ ᠳᠤ ᠨᠢᠭᠡ ᠬᠥᠮᠥᠨ ᠴᠦ ᠣᠷᠬᠢᠭᠳᠠᠭᠤᠯᠬᠤ ᠦᠭᠡᠢ᠂ ᠨᠢᠭᠡ ᠬᠢᠴᠢᠶᠡᠯ ᠠᠴᠠ ᠴᠦ ᠳᠤᠲᠠᠬᠤ ᠦᠭᠡᠢ ᠪᠠᠶᠢᠬᠤ ᠶᠢ ᠪᠠᠲᠤᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ ᠳᠤᠮᠳᠠ ︽ᠤᠶᠤᠨ ᠰᠠᠨᠠᠭᠠᠨ ᠤ ᠺᠠᠯᠼ︾ ᠢ ᠭᠦᠢᠴᠡᠳ ᠨᠥᠬᠦᠪᠦᠷᠢᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠳᠠᠷᠠᠭᠤᠯᠪᠠ᠃      ᠲᠣᠭᠲᠠᠬᠤ ᠰᠢᠶᠠᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠣᠬᠢᠷᠲᠤᠯ ᠦᠭᠡᠢ ᠦᠢᠯᠡᠳᠬᠦ ᠰᠠᠭᠤᠷᠢᠨ ᠭᠠᠵᠠᠷ      ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ︽ᠠᠯᠤᠰ ᠬᠡᠳᠤ ᠶᠢᠨ ᠬᠥᠭᠵᠢᠯᠲᠡ︾  ᠳᠤ ᠰᠠᠭᠤᠷᠢᠯᠠᠪᠠ᠃ ᠲᠣᠭᠲᠠᠬᠤ ᠰᠢᠶᠠᠨ ︽ᠰᠠᠭᠤᠷᠢ ᠶᠢ ᠲᠠᠯᠪᠢᠵᠤ᠂ ᠠᠯᠤᠰ ᠬᠡᠳᠦ ᠳᠤ ᠠᠰᠢᠭᠲᠠᠢ︾ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ᠣᠷᠣᠨ ᠤ ᠲᠥᠪ ᠤᠨ ︽ᠲᠠᠪᠤᠨ ᠴᠢᠳᠠᠪᠤᠷᠢ ᠶᠢᠨ ᠲᠡᠰ︾ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠱᠠᠭᠠᠷᠳᠠᠯᠭ᠎ᠠ ᠶᠢᠨ ᠲᠣᠭᠤᠷᠢᠨ ᠳᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠤᠯᠠᠨ ᠲᠠᠯ᠎ᠠ ᠪᠠᠷ ᠬᠦᠴᠦᠯᠡᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ︽ᠬᠠᠷᠢᠯᠴᠠᠨ ᠪᠠᠭᠲᠠᠭᠠᠵᠤ ᠬᠠᠷᠢᠯᠴᠠᠨ ᠠᠬᠢᠭᠤᠯᠬᠤ︾ ᠶᠢ ᠠᠬᠢᠭᠤᠯᠵᠠᠢ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠠᠳᠤᠨ ᠭᠤᠣᠯ ᠤᠨ ᠰᠠᠶᠢᠷᠭᠠᠯ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠵᠣᠭᠤᠰ ᠢᠶᠠᠷ ᠨᠥᠬᠦᠪᠦᠷᠢᠯᠡᠬᠦ ᠪᠤᠶᠤ ᠭᠡᠷ ᠪᠠᠶᠢᠰᠢᠩ ᠰᠢᠨ᠎ᠡ ᠪᠠᠷ ᠪᠠᠶᠢᠭᠤᠯᠬᠤ ᠬᠡᠯᠪᠡᠷᠢ ᠪᠠᠷ ᠰᠠᠶᠢᠷᠭᠠᠯ ᠣᠷᠣᠨ ᠤ ᠳᠣᠲᠣᠷᠠᠬᠢ 596 ᠡᠷᠦᠬᠡ 1489 ᠬᠥᠮᠥᠨ ᠢ ᠲᠣᠬᠢᠲᠠᠢ ᠲᠥᠪᠬᠢᠨᠡᠭᠦᠯᠵᠦ᠂ ᠬᠠᠳᠤᠨ ᠭᠤᠣᠯ ᠤᠨ ᠰᠠᠶᠢᠷᠭᠠᠯ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠳᠣᠬᠠᠨ ᠳᠤ᠂  ᠲᠤᠭᠳᠠᠬᠤ ᠰᠢᠶᠠᠨ ᠤ ᠬᠠᠳᠤᠨ ᠭᠤᠣᠯ ᠤᠨ ᠰᠠᠶᠢᠷᠭᠠᠯ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠪᠦᠬᠦᠨ ᠢ ᠪᠡᠶᠡᠯᠡᠭᠦᠯᠪᠡ᠃ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠨᠡᠶᠢᠲᠡ 3000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠥᠭᠡᠷᠡᠴᠢᠯᠡᠨ ᠪᠠᠶᠢᠭᠤᠯᠤᠭᠰᠠᠨ ᠲᠠᠯᠠᠪᠠᠶ 11.44 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠭᠤᠳ ᠠᠰᠢᠭ ᠭᠥᠷᠳᠡᠭᠰᠡᠨ ᠭᠡᠷ ᠪᠦᠯᠢ 1103 ᠡᠷᠦᠬᠡ ᠳᠤ ᠬᠥᠷᠪᠡ᠃ ᠬᠥᠬᠡ ᠥᠩᠭᠡᠲᠦ ᠵᠢᠵᠢᠭ ᠪᠠᠯᠭᠠᠰᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠣᠬᠢᠷᠲᠤᠯ ᠦᠭᠡᠢ ᠦᠢᠯᠡᠳᠬᠦ ᠰᠠᠭᠤᠷᠢᠨ ᠭᠠᠵᠠᠷ ᠵᠢᠴᠢ S103 ᠵᠠᠮ ᠳᠠᠭᠠᠤ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠴᠢᠳᠠᠮᠵᠢ ᠶᠢᠨ ᠢᠵᠢ ᠪᠦᠷᠢᠳᠦᠭᠦᠯᠦᠯᠲᠡ ᠶᠢ ᠲᠡᠭᠦᠯᠳᠡᠷᠵᠢᠭᠦᠯᠬᠦ ᠳᠤ ᠬᠦᠷᠢᠶᠡᠯᠡᠩ ᠲᠣᠭᠤᠷᠢᠭ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠰ ᠤᠨ ᠲᠥᠪᠯᠡᠷᠡᠯ ᠤᠨ ᠳᠠᠭᠠᠭᠠᠴᠠ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠂ ᠤᠳᠤ ᠪᠣᠯᠲᠠᠯ᠎ᠠ᠂ ᠲᠤᠭᠳᠠᠬᠤ ᠰᠢᠶᠠᠨ ᠨᠡᠶᠢᠳᠡ 65 ᠲᠦᠷᠦᠯ ᠵᠦᠢᠯ ᠢ ᠣᠷᠣᠭᠤᠯᠤᠨ ᠠᠪᠴᠢᠷᠠᠵᠤ᠂ 44 ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 590.88 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠭᠲᠠᠭᠤᠨ ᠢᠶᠠᠷ ᠳᠡᠭᠡᠭᠰᠢᠯᠡᠬᠦ᠂ ᠬᠦᠴᠦᠨ ᠢᠶᠠᠨ ᠬᠤᠷᠠᠮᠳᠤᠭᠤᠯᠤᠨ ᠬᠥᠭᠵᠢᠬᠦ ᠰᠠᠶᠢᠨ ᠰᠠᠶᠢᠬᠠᠨ ᠪᠠᠶᠢᠳᠠᠯ ᠢᠯᠡᠷᠡᠵᠡᠢ ᠃ ᠭᠤᠣᠯ ᠰᠡᠳᠦᠪᠲᠦ ᠰᠤᠷᠭᠠᠨ ᠬᠥᠮᠦᠵᠢᠯ ᠤᠨ ᠳᠤᠮᠳᠠ᠂ ᠲᠤᠭᠳᠠᠬᠤ ᠰᠢᠶᠠᠨ ᠤ ᠬᠢᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠱᠠᠲᠤᠨ ᠤ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠤᠨ ᠲᠦᠷᠦᠯ ᠵᠦᠢᠯ ᠢ ᠠᠩᠬ᠎ᠠ ᠠᠯᠬᠤᠮ ᠡᠮᠬᠢᠯᠡᠨ ᠪᠦᠷᠢᠯᠳᠦᠭᠦᠯᠵᠦ᠂ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠲᠦᠷᠦᠭᠦᠯᠡᠨ 28 ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠨᠢᠭᠡᠳᠬᠡᠵᠦ᠂ 1.16 ᠳ᠋ᠦᠩᠰᠢᠭᠤᠷ ᠲᠥᠭᠦᠷᠢᠭ ᠣᠷᠣᠭᠤᠯᠵᠤ᠂ ᠠᠯᠪᠠᠨ ᠠᠴᠠ ᠡᠷᠭᠢᠯᠡᠭᠰᠡᠨ ᠵᠢᠴᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠡᠷᠳᠡᠮ ᠤᠨ ᠴᠣᠯᠠ ᠶᠢ 2000 ᠭᠠᠷᠤᠢ ᠨᠡᠮᠡᠭᠳᠡᠭᠦᠯᠪᠡ︔ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠡᠯᠡᠯᠴᠡᠭᠡᠷ ᠢ ᠦᠷᠭᠦᠯᠵᠢᠯᠡᠨ ᠲᠣᠭᠲᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠨ᠎ᠡ︔ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠳᠦᠷᠢᠮ ᠢ ᠬᠡᠷᠡᠭᠵᠢᠭᠦᠯᠦᠭᠰᠡᠨ ᠠᠴᠠ ᠨᠠᠰᠢ ᠰᠣᠷᠪᠤᠯᠵᠢᠯᠠᠭ᠎ᠠ ᠶᠢᠨ ᠬᠡᠮᠵᠢᠶ᠎ᠡ 18% ᠢᠶᠠᠷ ᠪᠠᠭᠤᠷᠠᠵᠤ᠂ ᠤᠯᠠᠨ ᠲᠦᠮᠡᠨ ᠤ ᠬᠠᠷᠢᠭᠤᠴᠠᠯᠭᠠᠲᠤ ᠨᠢᠭᠡᠴᠡ ᠳᠠᠬᠢ ᠬᠠᠨᠤᠮᠵᠢ ᠶᠢᠨ ᠨᠤᠷᠮ᠎ᠠ 98.18% ᠬᠦᠷᠲᠡᠯ᠎ᠡ ᠳᠡᠭᠡᠭᠰᠢᠯᠡᠵᠡᠢ ᠁ ᠡᠳᠡᠭᠡᠷ ᠢᠯᠡ ᠲᠣᠳᠣ ᠲᠤᠭ᠎ᠠ ᠪᠠᠷᠢᠮᠲᠠ ᠶᠢᠨ ᠠᠷᠤ ᠳᠤ᠂ ᠲᠣᠭᠲᠠᠬᠤ ᠰᠢᠶᠠᠨ ᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠳᠤ ᠲᠤᠰᠢᠶᠠᠭᠰᠠᠨ ︽ᠬᠠᠯᠠᠭᠤᠨ ᠰᠡᠳᠬᠢᠯ ᠤᠨ ᠬᠠᠷᠢᠭᠤᠯᠲᠠ ᠶᠢᠨ ᠬᠠᠭᠤᠳᠠᠰᠤ︾ ᠪᠤᠢ᠃       ᠲᠤᠭᠳᠠᠬᠤ ᠰᠢᠶᠠᠨ ᠤ ᠬᠠᠲᠤᠨ ᠭᠤᠣᠯ ᠤᠨ ᠲᠠᠩ ᠲᠣᠭᠤᠷᠢᠭ ᠤᠨ ᠨᠡᠭᠦᠳᠡᠯ ᠠᠷᠠᠳ ᠤᠨ ᠰᠢᠨ᠎ᠡ ᠲᠣᠰᠬᠤᠨ      ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠠᠴᠢᠮ᠂ ᠬᠦᠴᠢᠷ᠂ ᠵᠣᠪᠠᠨᠢᠯ︾ ᠢ ᠰᠢᠢᠳᠪᠦᠷᠢᠯᠡᠪᠡ᠃ ᠰᠢᠶᠠᠨ ᠭᠠᠵᠠᠷ ᠤᠨ ᠳᠡᠰ ᠤᠨ ᠤᠳᠤᠷᠢᠳᠬᠤ ᠺᠠᠳ᠋ᠷ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠪᠣᠳᠠᠲᠠᠢ ᠠᠵᠢᠯ ᠪᠣᠯᠣᠨ ᠣᠯᠠᠨ ᠲᠦᠮᠡᠨ ᠤ ᠲᠤᠰᠬᠠᠭᠰᠠᠨ ᠬᠠᠯᠠᠭᠤᠨ ᠴᠡᠭ ᠤᠨ ᠠᠰᠠᠭᠤᠳᠠᠯ ᠢᠶᠠᠷ ᠭᠤᠣᠯᠯᠠᠭᠤᠯᠤᠨ᠂ ᠲᠣᠰ ᠲᠣᠰ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠬᠦ ᠵᠡᠷᠭᠡ 26 ᠪᠠᠶᠢᠴᠠᠭᠠᠨ ᠰᠤᠳᠤᠯᠤᠯᠲᠠ ᠶᠢᠨ ᠰᠡᠳᠦᠪ ᠢ ᠲᠣᠳᠣᠷᠬᠠᠶᠢᠯᠠᠵᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠬᠤ᠂ ᠪᠦᠷᠢᠳᠬᠡᠨ ᠵᠠᠳᠠᠯᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠦᠨᠡᠨ ᠦᠭᠡ ᠶᠢ ᠰᠣᠨᠣᠰᠴᠤ᠂ ᠪᠣᠳᠠᠲᠤ ᠪᠠᠶᠢᠳᠠᠯ ᠢ ᠪᠠᠶᠢᠴᠠᠭᠠᠵᠤ᠂ ᠪᠠᠶᠢᠴᠠᠭᠠᠨ ᠰᠤᠳᠤᠯᠤᠯᠲᠠ ᠶᠢᠨ ᠳᠤᠮᠳᠠ ᠲᠤᠰᠬᠠᠭᠰᠠᠨ ᠪᠠ ᠢᠯᠡᠷᠡᠭᠦᠯᠦᠭᠰᠡᠨ ᠠᠰᠠᠭᠤᠳᠠᠯ ᠳᠤ ᠠᠰᠠᠭᠤᠳᠠᠯ ᠤᠨ ᠲᠣᠳᠣᠷᠬᠠᠢ ᠬᠠᠭᠤᠳᠠᠰᠤ᠂ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ᠂ ᠡᠭᠦᠷᠭᠡ ᠶᠢᠨ ᠲᠣᠳᠣᠷᠬᠠᠢ ᠬᠠᠭᠤᠳᠠᠰᠤ ᠵᠢᠴᠢ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠲᠣᠳᠣᠷᠬᠠᠢ ᠬᠠᠭᠤᠳᠠᠰᠤ ᠶᠢ ᠨᠢᠭᠡᠳ ᠨᠢᠭᠡ ᠪᠠᠷ ᠪᠦᠷᠢᠯᠳᠦᠭᠦᠯᠪᠡ ᠃ ᠣᠲᠣ ᠪᠣᠯᠲᠠᠯ᠎ᠠ᠂ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ︽ᠳᠥᠷᠪᠡᠨ ᠰᠢᠯᠤᠭᠤᠨ ᠪᠤᠰᠤ ᠬᠤᠶᠠᠷ ᠰᠢᠯᠤᠭᠤᠨ︾ ᠠᠷᠭ᠎ᠠ ᠮᠠᠶ᠋ᠢᠭ ᠢᠶᠠᠷ ᠨᠡᠶᠢᠲᠡ 37 ᠤᠳᠠᠭ᠎ᠠ ᠲᠣᠬᠢᠷᠠᠭᠤᠯᠤᠯᠲᠠ ᠬᠢᠵᠦ᠂ ᠨᠡᠶᠢᠲᠡ 74 ᠠᠰᠠᠭᠤᠳᠠᠯ ᠢ ᠡᠮᠬᠢᠯᠡᠨ ᠳᠢᠭᠯᠡᠵᠦ᠂ 110 ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ ᠭᠠᠷᠭᠠᠪᠠ᠃ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ ᠦᠷ᠎ᠡ ᠪᠦᠲᠦᠮᠵᠢ ᠪᠠᠷ ᠠᠨᠠᠢ᠂ ᠣᠯᠠᠨ ᠲᠦᠮᠡᠨ ᠤ ᠬᠦᠰᠡᠯ ᠤᠨ ᠬᠡᠮᠵᠢᠭᠳᠡᠯ ᠳᠤ ᠬᠦᠷᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠣᠭᠲᠠᠬᠤ ᠰᠢᠶᠠᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠵᠠᠭᠪᠤᠷ ᠢ ᠬᠡᠷᠡᠭᠯᠡᠨ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠦᠢᠯᠡᠳᠪᠦᠷᠢ ᠠᠴᠠ ᠲᠣᠭᠲᠠᠬᠤ ᠰᠢᠶᠠᠨ ᠤ ᠬᠤᠲᠠ ᠶᠢᠨ ᠳᠠᠷᠤᠭ᠎ᠠ ᠬᠦᠷᠬᠦ ᠳᠤᠯᠠᠭᠠᠯᠭ᠎ᠠ ᠶᠢᠨ ᠬᠤᠭᠤᠯᠠᠢ ᠶᠢᠨ ᠲᠣᠣᠷ ᠤᠨ ᠢᠨᠵᠧᠨᠧᠷᠢᠩ ᠢ ᠬᠡᠷᠡᠭᠵᠢᠭᠦᠯᠪᠡ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠭᠤᠣᠯ ᠰᠡᠳᠦᠪᠲᠦ ᠬᠥᠮᠦᠵᠢᠯ ᠤᠨ ᠬᠠᠷᠠᠯᠲᠠ᠂ ᠦᠷ᠎ᠡ ᠪᠦᠲᠦᠮᠵᠢ᠂ ᠦᠢᠯᠡᠳᠦᠯᠭᠡ ᠵᠡᠷᠭᠡ ᠭᠤᠷᠪᠠᠨ ᠲᠠᠯ᠎ᠠ ᠶᠢ ᠪᠠᠲᠤ ᠡᠵᠡᠮᠰᠢᠵᠦ᠂ ᠪᠠᠷᠢᠮᠵᠢᠶ᠎ᠠ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠦᠷ᠎ᠡ ᠪᠦᠲᠦᠮᠵᠢ ᠶᠢᠨ ᠪᠣᠭᠤᠮᠲᠠ ᠶᠢ ᠪᠣᠳᠠᠲᠠᠶᠢᠵᠢᠭᠤᠯᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠮᠡᠳᠡᠯᠭᠡ ᠦᠢᠯᠡ ᠠᠵᠢᠯᠯᠠᠭ᠎ᠠ ᠶᠢ ᠨᠢᠭᠡᠳᠬᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯ ᠤᠨ ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠵᠤ᠂ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢᠶᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠥᠨᠳᠥᠷ ᠬᠤᠪᠢ ᠶᠢᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1