ᠲᠣᠭᠲᠠᠬᠤ ᠰᠢᠶᠠᠨ᠄ ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ ᠶᠢ ᠪᠠᠷᠢᠮᠲᠠᠯᠠᠵᠤ ᠨᠠᠮᠤᠷ ᠤᠨ ᠠᠮᠤ ᠪᠤᠳᠠᠭᠠᠨ ᠤ ᠬᠥᠮᠥᠷᠭᠡ ᠳᠤ ᠣᠷᠣᠭᠤᠯᠬᠤ ᠶᠢ ᠪᠠᠳᠤᠯᠠᠪᠠ
ᠨᠡᠶᠢᠲᠡᠯᠡᠭᠰᠡᠨ ᠴᠠᠭ᠄
2023/11/7
      ᠲᠣᠭᠲᠠᠬᠤ ᠰᠢᠶᠠᠨ ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ᠂ ᠰᠢᠰᠢ ᠵᠡᠷᠭᠡ 113 ᠲᠦᠮᠡᠨ ᠮᠦ ᠲᠠᠷᠢᠮᠠᠯ ᠤᠨ ᠵᠦᠢᠯ ᠬᠤᠶᠢᠨ᠎ᠠ ᠬᠤᠶᠢᠨ᠎ᠠ ᠠᠴᠠ ᠪᠠᠨ ᠡᠯᠪᠡᠭ ᠬᠤᠷᠢᠶᠠᠯᠲᠠ ᠣᠯᠵᠤ ᠂ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠮᠠᠯ ᠤᠨ ᠵᠦᠢᠯ ᠢ ᠬᠤᠷᠢᠶᠠᠨ ᠨᠥᠭᠡᠴᠡᠯᠡᠬᠦ᠂ ᠬᠠᠲᠠᠭᠠᠵᠤ ᠬᠠᠳᠠᠭᠠᠯᠠᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠲᠣᠰᠬᠤᠨ ᠤ ᠨᠠᠮ ᠤᠨ ᠡᠭᠦᠷ᠂ ᠬᠤᠷᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠤᠷᠤᠯᠴᠠᠬᠤ ᠪᠠᠷ ᠠᠵᠢᠯ ᠢᠶᠠᠨ ᠠᠬᠢᠭᠤᠯᠵᠤ᠂ ᠲᠠᠷᠢᠶᠠᠨ ᠭᠠᠵᠠᠷ ᠢᠶᠠᠷ ᠶᠠᠪᠤᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠠᠢ ᠶᠠᠪᠤᠳᠠᠯ ᠬᠢᠬᠦ ᠳᠤ ᠬᠦᠴᠦ ᠣᠷᠣᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠠᠮᠤᠷ ᠤᠨ ᠬᠤᠷᠢᠶᠠᠯᠲᠠ ᠶᠢᠨ ᠦᠶ᠎ᠡ ᠳᠤ ︽ᠪᠣᠯᠵᠤᠭ᠎ᠠ ᠶᠣᠰᠣᠭᠠᠷ︾᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠶᠢ ᠪᠠᠲᠤᠯᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠵᠡᠢ᠃
     ᠲᠠᠷᠢᠮᠠᠯ ᠤᠨ ᠡᠷᠦᠬᠡ ᠣᠳᠣ ᠶᠠᠭ ᠬᠤᠷᠢᠶᠠᠭᠰᠠᠨ ᠡᠷᠳᠡᠨᠢ ᠰᠢᠰᠢ ᠪᠠᠨ ᠪᠠᠶᠢᠴᠠᠭᠠᠨ ᠦᠵᠡᠵᠦ ᠪᠠᠶᠢᠭ᠎ᠠ ᠨᠢ      ᠣᠳᠣᠬᠠᠨ ᠳᠤ᠂ ᠲᠣᠭᠲᠠᠬᠤ ᠰᠢᠶᠠᠨ ᠨᠢᠭᠡᠨᠲᠡ 39 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠪᠠ᠂ ᠨᠢᠭᠡᠨᠲᠡ ᠪᠠᠶᠢᠭᠤᠯᠤᠭᠰᠠᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠦᠢᠯᠡᠳᠦᠯᠭᠡ ᠶᠢᠨ ᠳᠤᠮᠳᠠ ᠲᠣᠪᠣᠶᠢᠮ᠎ᠠ ᠦᠷ᠎ᠡ ᠪᠦᠲᠦᠮᠵᠢ ᠣᠯᠪᠠ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠬᠤ ᠶᠢ ᠳᠠᠭᠠᠯᠳᠤᠨ᠂  ᠭᠦ᠋ ᠴᠧᠩ ᠪᠠᠯᠭᠠᠰᠤ ᠶᠢᠨ ᠭᠠᠩ ᠹᠠᠩ ᠭᠧᠦ ᠲᠣᠰᠬᠤᠨ ᠨᠢᠭᠡᠨᠲᠡ ᠰᠡᠭᠦᠯ ᠬᠤᠷᠢᠶᠠᠵᠤ᠂ ᠪᠦᠬᠦ ᠲᠣᠰᠬᠤᠨ ᠤ 12800 ᠮᠦ ᠭᠠᠵᠠᠷ ᠰᠢᠷᠣᠢ ᠪᠦᠬᠦᠨ ᠢᠶᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠵᠠᠢ᠃ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠭᠰᠠᠨ ᠤ ᠳᠠᠷᠠᠭ᠎ᠠ᠂ ᠢᠭᠴᠤ ᠳᠠᠷᠢᠬᠤ ᠡᠭᠦᠯᠳᠡᠷ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠮᠠᠰᠢᠨᠴᠢᠯᠠᠨ ᠠᠵᠢᠯᠯᠠᠭᠤᠯᠬᠤ ᠵᠡᠷᠭᠡ ᠰᠢᠨᠵᠢᠯᠡᠬᠦ ᠤᠬᠠᠭᠠᠨᠴᠢ ᠪᠠᠷ ᠳᠠᠷᠢᠬᠤ ᠵᠠᠭᠪᠤᠷ ᠨᠢ ᠨᠠᠳᠠ ᠳᠤ ᠶᠡᠭᠡ ᠲᠤᠰᠠ ᠪᠣᠯᠤᠭᠰᠠᠨ ᠪᠠᠶᠢᠨ᠎ᠠ᠂ ᠡᠨᠡ ᠵᠢᠯ ᠤᠨ ᠡᠷᠳᠡᠨᠢ ᠰᠢᠰᠢ ᠶᠢᠨ ᠬᠤᠳᠠᠯᠳᠤᠨ ᠠᠪᠬᠤ ᠦᠨ᠎ᠡ ᠲᠣᠨ ᠪᠦᠷᠢ ᠳᠡᠭᠡᠨ 2730 ᠲᠥᠭᠦᠷᠢᠭ ᠪᠠᠶᠢᠵᠤ᠂ ᠡᠷᠭᠢᠯᠲᠡ ᠳᠤ ᠣᠷᠣᠭᠤᠯᠬᠤ ᠵᠠᠷᠤᠳᠠᠯ᠂ ᠦᠷ᠎ᠡ ᠬᠢᠮᠢ ᠶᠢᠨ ᠪᠣᠷᠳᠣᠭᠤᠷ ᠤᠨ ᠥᠪᠡᠷ ᠤᠨ ᠥᠷᠲᠡᠭ ᠢ ᠬᠠᠰᠤᠪᠠᠯ᠂ ᠮᠦ ᠪᠦᠷᠢ ᠶᠢᠨ ᠴᠡᠪᠡᠷ ᠠᠰᠢᠭ ᠣᠷᠣᠯᠭ᠎ᠠ ᠨᠢ 300 ᠲᠥᠭᠦᠷᠢᠭ ᠠᠴᠠ ᠳᠡᠭᠡᠭᠰᠢ ᠪᠣᠯᠣᠨ᠎ᠠ︾ ᠭᠡᠵᠦ ᠭᠦ᠋ ᠴᠧᠩ ᠪᠠᠯᠭᠠᠰᠤᠨ ᠳᠤ ᠲᠦᠮᠡ ᠭᠠᠷᠤᠢ ᠮᠦ ᠡᠷᠳᠡᠨᠢ ᠰᠢᠰᠢ ᠳᠠᠷᠢᠳᠠᠭ ᠹᠠᠨ ᠵᠢᠶᠠᠨ ᠲᠢᠩ ᠬᠡᠯᠡᠪᠡ᠃
     ᠨᠠᠮᠤᠷ ᠤᠨ ᠠᠮᠤ ᠪᠤᠳᠠᠭ᠎ᠠ ᠶᠢ ᠳᠠᠮᠵᠢᠭᠤᠯᠬᠤ ᠲᠥᠬᠦᠭᠡᠷᠦᠮᠵᠢ ᠪᠠᠷ ᠳᠠᠮᠵᠢᠭᠤᠯᠤᠨ ᠬᠥᠮᠥᠷᠭᠡ ᠳᠤ ᠣᠷᠣᠭᠤᠯᠵᠤ ᠪᠠᠶᠢᠭ᠎ᠠ ᠨᠢ      ᠨᠠᠮᠤᠷ ᠤᠨ ᠬᠤᠷᠢᠶᠠᠯᠲᠠ ᠶᠢᠨ ᠲᠠᠷᠢᠶᠠᠯᠠᠩ ᠤᠨ ᠶᠠᠭᠠᠷᠠᠤ ᠦᠶ᠎ᠡ ᠳᠤ᠂ ᠲᠠᠷᠢᠶᠠᠯᠠᠩ ᠤᠨ ᠮᠠᠰᠢᠨ ᠪᠠᠭᠠᠵᠢ ᠶᠢᠨ ᠦᠢᠯᠡᠴᠢᠯᠡᠭᠡᠨ ᠤ ᠲᠦᠷᠦᠯ ᠵᠦᠢᠯ ᠤᠨ ᠳᠠᠭᠠᠭᠤᠯᠭ᠎ᠠ ᠪᠠᠷ᠂ ᠰᠢᠨ᠎ᠡ ᠶᠢᠩᠽᠢ ᠪᠠᠯᠭᠠᠰᠤᠨ ᠤ ᠴᠠᠩ ᠵᠢᠶᠠ ᠶᠢᠩ ᠲᠣᠰᠬᠤᠨ ᠤ ᠬᠠᠮᠲᠤ ᠶᠢᠨ ᠣᠷᠣᠯᠭ᠎ᠠ 30 ᠲᠦᠮᠡᠨ ᠲᠥᠭᠦᠷᠢᠭ ᠢ ᠳᠠᠪᠠᠵᠤ᠂ ᠲᠣᠰᠬᠤᠨ ᠤ ᠠᠷᠠᠳ ᠲᠤ ᠪᠠᠷᠤᠭ 50 ᠠᠵᠢᠯ ᠤᠨ ᠪᠠᠶᠢᠷᠢ ᠬᠠᠩᠭᠠᠵᠠᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠴᠠᠩ ᠵᠢᠶᠠ ᠶᠢᠩ ᠲᠣᠰᠬᠤᠨ ᠤ ᠨᠠᠮ ᠤᠨ ᠡᠭᠦᠷ ᠤᠨ ᠬᠢᠨ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠷᠠᠭᠠᠯᠠᠨ ᠳᠤᠲᠠᠭᠤᠳᠠᠯ ᠢᠶᠠᠨ ᠥᠷᠭᠡᠳᠬᠡᠵᠦ᠂ ᠵᠠᠬ᠎ᠠ ᠳᠡᠯᠭᠡᠭᠦᠷ ᠤᠨ ᠲᠠᠷᠢᠮᠠᠯ ᠤᠨ ᠬᠤᠷᠰᠢᠶ᠎ᠠ ᠲᠠᠢ ᠢᠳᠡᠪᠬᠢᠲᠡᠢ ᠵᠣᠯᠭᠠᠭᠤᠯᠵᠤ᠂ ᠬᠠᠪᠰᠤᠷᠤᠨ ᠡᠷᠬᠢᠯᠡᠵᠦ ᠦᠷ᠎ᠡ ᠲᠠᠷᠢᠬᠤ ᠠᠷᠭ᠎ᠠ ᠬᠡᠯᠪᠡᠷᠢ ᠪᠠᠷ ᠬᠤᠷᠰᠢᠶ᠎ᠠ ᠳᠤ ᠲᠤᠰᠢᠶᠠᠨ ᠥᠭᠴᠦ ᠲᠠᠷᠢᠬᠤ᠂ ᠬᠠᠳᠤᠵᠤ ᠬᠤᠷᠢᠶᠠᠬᠤ᠂ ᠡᠵᠡᠩᠨᠡᠭᠦᠯᠵᠦ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠲᠠᠢ ᠪᠣᠯᠭᠠᠬᠤ︾ ︽ᠲᠠᠷᠠᠬᠠᠢ ᠪᠤᠲᠠᠷᠬᠠᠢ ᠶᠢ ᠲᠥᠪᠯᠡᠷᠡᠭᠦᠯᠬᠦ︾ ︽ᠥᠷᠢᠰᠦᠯᠳᠦᠭᠡᠨ ᠢ ᠬᠤᠯᠪᠣᠭᠠᠯᠠᠭᠤᠯᠬᠤ︾ ᠬᠤᠪᠢᠷᠠᠯᠲᠠ ᠶᠢ ᠪᠡᠶᠡᠯᠡᠭᠦᠯᠵᠡᠢ᠃ ᠡᠭᠦᠨ ᠤ ᠬᠠᠮᠲᠤ ᠂ ᠲᠣᠰᠬᠤᠨ ᠤ ᠨᠡᠶᠢᠲᠡ ᠶᠢᠨ 30 ᠭᠠᠷᠤᠢ ᠰᠠᠤᠷᠢ ᠲᠣᠮᠣ ᠬᠡᠯᠪᠡᠷᠢ ᠶᠢᠨ ᠲᠷᠠᠺᠲ᠋ᠣᠷ ᠪᠣᠯᠣᠨ ᠡᠯ᠎ᠡ ᠲᠦᠷᠦᠯ ᠤᠨ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠠᠰᠢᠭᠯᠠᠵᠤ᠂ ᠲᠦᠷᠢᠶᠡᠰᠦᠯᠡᠬᠦ ᠬᠡᠯᠪᠡᠷᠢ ᠪᠠᠷ ᠭᠠᠳᠠᠭᠠᠳᠤ ᠳᠤ ᠠᠵᠢᠯᠯᠠᠬᠤ ᠨᠢ ᠲᠤᠰ ᠲᠣᠰᠬᠤᠨ ᠤ ᠲᠠᠷᠢᠶᠠᠨ ᠭᠠᠵᠠᠷ ᠤᠨ ᠬᠡᠪᠴᠢᠶᠡᠵᠢᠭᠰᠡᠨ᠂ ᠮᠧᠬᠠᠨᠢᠭᠵᠢᠭᠰᠠᠨ ᠲᠠᠷᠢᠮᠠᠯ ᠤᠨ ᠲᠦᠪᠰᠢᠨ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠢᠨᠠᠭᠰᠢᠳᠠ ᠬᠥᠭᠵᠢᠨ ᠪᠤᠵᠠᠭᠠᠶᠢᠷᠠᠬᠤ ᠳᠤ ᠬᠦᠴᠦ ᠨᠡᠮᠡᠷᠢᠯᠡᠵᠦ᠂ ᠨᠡᠩ ᠤᠯᠠᠨ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦ ᠨᠡᠮᠡᠷᠢᠯᠡᠵᠡᠢ᠃
     ᠨᠠᠮᠤᠷ ᠤᠨ ᠠᠮᠤ ᠪᠤᠳᠠᠭ᠎ᠠ ᠶᠢ ᠲᠣᠮᠣ ᠬᠡᠯᠪᠡᠷᠢ ᠶᠢᠨ ᠮᠠᠰᠢᠨ ᠮᠧᠬᠠᠨᠢᠭ ᠢᠶᠠᠷ  ᠬᠠᠳᠠᠭᠠᠵᠦ ᠪᠠᠶᠢᠭ᠎ᠠ ᠨᠢ      ᠡᠷᠳᠡᠨᠢ ᠰᠢᠰᠢ᠂ ᠰᠢᠰᠢ ᠶᠢ ᠬᠤᠷᠢᠶᠠᠬᠤ ᠳᠠᠭᠠᠨ ᠪᠦᠷᠬᠦᠭ ᠪᠣᠷᠣᠭᠠᠨ ᠲᠠᠢ ᠡᠳᠦᠷ ᠲᠣᠬᠢᠶᠠᠯᠳᠤᠪᠠᠯ᠂ ᠤᠰᠤ  ᠨᠢ ᠥᠨᠳᠥᠷ ᠪᠣᠯᠪᠠᠯ ᠡᠷᠬᠡᠪᠰᠢ ᠴᠠᠭ ᠲᠤᠬᠠᠢ ᠳᠤᠨᠢ ᠨᠡᠷᠡᠨ ᠳᠤ ᠡᠭᠡᠭᠡᠬᠦ ᠬᠡᠷᠡᠭᠲᠡᠢ᠃ ᠰᠢᠨ᠎ᠡ ᠶᠢᠩᠽᠢ ᠪᠠᠯᠭᠠᠰᠤᠨ ᠤ ᠨᠠᠮ ᠤᠨ ᠬᠤᠷᠢᠶ᠎ᠠ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠪᠦᠬᠦ ᠲᠠᠯ᠎ᠠ ᠪᠠᠷ ᠲᠠᠶᠢᠴᠢᠯᠠᠨ ᠪᠠᠶᠢᠷᠢᠯᠠᠭᠤᠯᠤᠭᠰᠠᠨ ᠤ ᠲᠠᠷᠠᠭ᠎ᠠ᠂ ᠨᠠᠮ ᠤᠨ ᠭᠡᠰᠢᠭᠦᠨ ᠺᠠᠳ᠋ᠷ ᠦᠨᠳᠦᠰᠦᠨ ᠱᠠᠲᠤᠨ ᠳᠤ ᠭᠦᠨᠵᠡᠭᠡᠶᠢᠷᠡᠵᠦ ᠂ ᠤᠯᠠᠨ ᠬᠤᠷᠰᠢᠶ᠎ᠠ ᠳᠤ 8 ᠠᠮᠤ ᠪᠤᠳᠠᠭ᠎ᠠ ᠬᠠᠳᠠᠭᠠᠯᠠᠬᠤ ᠰᠤᠪᠤᠷᠭ᠎ᠠ ᠪᠣᠯᠣᠨ 10 ᠭᠠᠷᠤᠢ ᠬᠠᠲᠠᠭᠠᠬᠤ ᠲᠥᠬᠦᠭᠡᠷᠦᠮᠵᠢ ᠶᠢ ᠢᠳᠡᠪᠬᠢᠲᠡᠢ ᠵᠣᠬᠢᠴᠠᠭᠤᠯᠤᠨ ᠣᠷᠣᠭᠤᠯᠵᠤ᠂ ᠲᠠᠷᠢᠶᠠᠴᠢᠨ ᠡᠷᠦᠬᠡ ᠶᠢᠨ ᠬᠠᠲᠠᠭᠠᠵᠤ ᠬᠠᠳᠠᠭᠠᠯᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠴᠡᠢ᠃ ︽ᠥᠩᠭᠡᠷᠡᠭᠰᠡᠨ ᠳᠤ ᠨᠡᠷᠡᠨ ᠳᠤ ᠡᠭᠡᠭᠡᠬᠦ ᠨᠥᠬᠦᠴᠡᠯ ᠨᠢ ᠬᠢᠵᠠᠭᠠᠷ ᠲᠠᠢ ᠪᠠᠶᠢᠭᠰᠠᠨ ᠪᠣᠯᠬᠤᠷ ᠶᠡᠷᠦᠨᠢ ᠸᠠᠯᠠᠬᠤ ᠵᠡᠷᠭᠡ ᠬᠤᠬᠢᠷᠠᠯ ᠭᠠᠷᠭᠠᠳᠠᠭ᠃ ᠣᠳᠣ ᠰᠠᠶᠢᠨ ᠪᠣᠯᠣᠯ᠎ᠠ᠂ ᠪᠢᠳᠡ ᠠᠮᠤ ᠪᠤᠳᠠᠭ᠎ᠠ ᠪᠠᠨ ᠰᠢᠭᠤᠳ ᠵᠥᠭᠡᠭᠡᠪᠦᠷᠢᠯᠡᠨ ᠠᠪᠠᠴᠢᠵᠤ ᠴᠡᠪᠡᠷᠯᠡᠨ ᠬᠠᠲᠠᠭᠠᠵᠤ᠂ ︽ᠡᠯᠪᠡᠭ ᠬᠤᠷᠢᠶᠠᠯᠲᠠ ᠣᠯᠣᠭᠰᠠᠨ ᠤ ᠳᠠᠷᠠᠭᠠᠬᠢ ᠪᠤᠬᠢᠨᠢᠳᠤᠯ︾ ᠢ ᠰᠢᠢᠳᠪᠦᠷᠢᠯᠡᠵᠡᠢ  ᠭᠡᠵᠦ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠠᠮᠤ ᠪᠤᠳᠠᠭ᠎ᠠ ᠲᠠᠷᠢᠬᠤ ᠲᠣᠮᠣ ᠡᠷᠦᠬᠡ ᠸᠠᠩ ᠴᠢ ᠱᠧᠩ ᠬᠡᠯᠡᠪᠡ᠃
     ᠲᠣᠭᠲᠠᠬᠤ ᠰᠢᠶᠠᠨ ᠤ ᠰᠢᠨ ᠶᠢᠩᠽᠢ ᠪᠠᠯᠭᠠᠰᠤᠨ ᠤ ᠬᠤᠷᠰᠢᠶ᠎ᠠ ᠶᠢᠨ ᠠᠵᠢᠯᠲᠠᠳ ᠬᠠᠳᠤᠵᠤ ᠬᠤᠷᠢᠶᠠᠬᠤ ᠮᠠᠰᠢᠨ ᠢᠶᠠᠷ ᠲᠣᠰᠬᠤᠨ ᠤ ᠠᠷᠠᠳ ᠢ ᠬᠠᠪᠰᠤᠷᠤᠨ ᠨᠠᠮᠤᠷ ᠤᠨ ᠬᠤᠷᠢᠶᠠᠯᠲᠠ ᠶᠢᠨ ᠠᠵᠢᠯ ᠶᠠᠭᠠᠷᠠᠵᠦ ᠪᠠᠶᠢᠭ᠎ᠠ ᠨᠢ      ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠭᠦᠨᠵᠡᠭᠡᠢ ᠥᠷᠨᠢᠬᠦ ᠶᠢ ᠳᠠᠭᠠᠯᠳᠤᠨ᠂ ᠲᠣᠭᠲᠠᠬᠤ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠠᠷᠭ᠎ᠠ ᠰᠦᠪᠡᠭᠴᠢᠯᠡᠵᠦ᠂ ᠪᠣᠳᠠᠲᠠᠢ ᠠᠷᠭ᠎ᠠ ᠬᠡᠮᠵᠢᠶ᠎ᠡ ᠠᠪᠴᠤ ᠂ ᠤᠯᠠᠨ ᠲᠦᠮᠡᠨ ᠤ ᠳᠡᠷᠭᠡᠳᠡᠬᠢ ᠶᠠᠪᠤᠳᠠᠯ ᠢ ᠦᠨᠡᠨᠬᠦ ᠰᠢᠢᠳᠪᠦᠷᠢᠯᠡᠵᠦ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠵᠦ᠂ ᠰᠤᠷᠤᠯᠴᠠᠭᠰᠠᠨ ᠦᠷ᠎ᠡ ᠪᠦᠲᠦᠭᠡᠯ ᠢ ᠠᠵᠢᠯ ᠬᠢᠵᠦ ᠦᠢᠯᠡᠰ ᠪᠣᠰᠬᠠᠬᠤ ᠬᠠᠮᠲᠤᠷᠠᠯ ᠬᠦᠴᠦᠨ ᠪᠣᠯᠭᠠᠨ ᠬᠤᠪᠢᠷᠠᠭᠤᠯᠵᠠᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1