ᠲᠣᠭᠲᠠᠬᠤ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠡᠶᠢᠭᠡᠮ ᠲᠣᠭᠤᠷᠢᠭ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/11/9
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠨᠡᠶᠢᠭᠡᠮ ᠲᠣᠭᠤᠷᠢᠭ ᠤᠨ ︽ᠶᠡᠭᠡ ᠨᠠᠮ ᠤᠨ ᠬᠤᠷᠢᠶ᠎ᠠ︾ ᠶᠢᠨ ᠡᠭᠦᠷᠭᠡ ᠴᠢᠳᠠᠪᠤᠷᠢ ᠲᠠᠢ ᠤᠶᠠᠯᠳᠤᠭᠤᠯᠤᠨ᠂ ︽ᠬᠤᠣᠰ ᠮᠡᠳᠡᠭᠡᠯᠡᠯ︾ ᠲᠠᠢ ᠬᠠᠮᠲᠤᠷᠠᠨ ᠨᠡᠶᠢᠭᠡᠮ ᠲᠣᠭᠤᠷᠢᠭ ᠤᠨ ᠳ᠋ᠦᠩᠱᠧᠩ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ᠂ ︽ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ · ᠴᠢ ᠪᠢᠳᠡ ᠬᠠᠮᠲᠤ ᠪᠠᠷ ᠤᠷᠤᠭᠰᠢᠯᠠᠶ᠎ᠠ︾ ᠭᠡᠬᠦ ᠭᠤᠣᠯ ᠰᠡᠳᠦᠪ ᠢᠶᠠᠷ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠪᠠ᠃
     ᠲᠣᠰ ᠤᠳᠠᠭᠠᠨ ᠤ ᠰᠣᠨᠢᠷᠬᠠᠯᠲᠤ ᠲᠠᠮᠢᠷ ᠤᠨ ᠴᠤᠭᠯᠠᠭᠠᠨ ᠳᠤ ᠨᠡᠶᠢᠲᠡ ᠲᠠᠪᠤᠨ ᠲᠥᠷᠥᠯ ᠵᠦᠢᠯ ᠪᠣᠶ᠂ ᠨᠡᠶᠢᠲᠡ 200 ᠭᠠᠷᠤᠢ ᠬᠥᠮᠥᠨ ᠤᠷᠤᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠵᠡᠢ᠃ ᠲᠠᠮᠢᠷ ᠤᠨ ᠴᠤᠭᠯᠠᠭᠠᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠶᠠᠪᠤᠭᠳᠠᠵᠤ᠂ ᠤᠷᠤᠯᠳᠤᠭᠠᠨ ᠳᠤ ᠣᠷᠣᠯᠴᠠᠭᠰᠠᠳ  ᠤᠷᠮ᠎ᠠ ᠪᠠᠬ᠎ᠠ ᠲᠠᠢ᠂ ᠬᠠᠷᠢᠯᠴᠠᠨ ᠵᠣᠷᠢᠭᠵᠢᠭᠤᠯᠵᠤ᠂ ᠡᠯ᠎ᠡ ᠵᠦᠢᠯ ᠤᠨ ᠤᠷᠤᠯᠳᠤᠭᠠᠨ ᠨᠢ ᠬᠥᠮᠥᠰ ᠤᠨ ᠰᠡᠳᠬᠢᠯ ᠢ ᠬᠥᠳᠡᠯᠭᠡᠵᠦ᠂ ᠤᠷᠮ᠎ᠠ ᠪᠠᠬ᠎ᠠ ᠪᠠᠷ ᠪᠢᠯᠬᠠᠮ᠎ᠠ᠂ ᠭᠤᠶᠢᠳᠠ ᠰᠠᠶᠢᠬᠠᠨ ᠦᠵᠡᠮᠵᠢ ᠪᠠᠶᠢᠳᠠᠯ ᠭᠠᠵᠠᠷ ᠪᠣᠯᠭᠠᠨ ᠳᠤ ᠬᠠᠷᠠᠭᠳᠠᠨ᠎ᠠ᠃ ᠲᠠᠯᠠᠪᠠᠢ ᠳᠤ ᠦᠵᠡᠭᠴᠢᠳ ᠤᠨ ᠤᠷᠮ᠎ᠠ ᠵᠣᠷᠢᠭ ᠣᠷᠭᠢᠯᠤᠨ ᠳᠣᠭᠳᠣᠯᠵᠤ᠂ ᠬᠦᠴᠦ ᠨᠡᠮᠡᠬᠦ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠪᠤᠢ ᠪᠦᠬᠦᠢ ᠲᠦᠷᠦᠯ ᠵᠦᠢᠯ ᠪᠦᠬᠦᠨ ᠢᠶᠠᠷ ᠢᠶᠠᠨ ᠳᠠᠭᠤᠰᠲᠠᠯ᠎ᠠ ᠤᠷᠤᠯᠳᠤᠭᠠᠨ ᠳᠤ ᠣᠷᠣᠯᠴᠠᠭᠰᠠᠳ ᠪᠣᠯᠣᠨ ᠦᠵᠡᠭᠴᠢᠳ ᠮᠥᠨ ᠯᠡ ᠤᠷᠮ᠎ᠠ ᠵᠣᠷᠢᠭ ᠢ ᠬᠥᠭᠵᠢᠭᠡᠵᠦ᠂ ᠤᠷᠮ᠎ᠠ ᠵᠣᠷᠢᠭ ᠢ ᠨᠢ ᠬᠥᠪᠴᠢᠯᠡᠵᠦ ᠪᠠᠶᠢᠯ᠎ᠠ᠃
     ᠲᠣᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠰᠠᠭᠤᠭᠠᠯᠢ ᠠᠷᠠᠳ ᠤᠨ ᠰᠣᠯᠢᠯᠴᠠᠭ᠎ᠠ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠴᠠᠬᠤ ᠬᠡᠮᠵᠢᠶ᠎ᠡ ᠶᠢ ᠥᠷᠭᠡᠳᠬᠡᠬᠦ ᠶᠢᠨ ᠬᠠᠮᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠶ᠎ᠡ ᠵᠣᠬᠢᠴᠠᠯ ᠲᠠᠢ ᠠᠭᠤᠷ ᠠᠮᠢᠰᠬᠤᠯ ᠪᠠ ᠰᠣᠯᠢᠯᠴᠠᠭ᠎ᠠ ᠨᠡᠪᠲᠡᠷᠡᠯᠴᠡᠭᠡ ᠶᠢᠨ ᠲᠠᠪᠴᠠᠩ ᠢ ᠪᠣᠶ ᠪᠣᠯᠭᠠᠨ ᠥᠭᠴᠦ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠡᠶᠢᠮᠦᠷᠬᠦ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠨ ᠤ ᠰᠢᠶᠠᠨ ᠤ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠯᠠᠨ ᠡᠰᠢᠴᠢᠯᠡᠭᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠮᠠᠨ ᠤ ᠰᠢᠶᠠᠨ ᠤ ᠠᠷᠠᠳ ᠤᠯᠠᠨ ᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠢ ᠮᠡᠳᠡᠷᠡᠭᠦᠯᠵᠦ᠂ ᠤᠯᠠᠨ ᠲᠦᠮᠡᠨ ᠤ ᠬᠠᠷᠢᠶᠠᠯᠠᠭᠳᠠᠬᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1