ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠭᠤᠣᠯ ᠰᠡᠳᠦᠪᠲᠦ ᠬᠥᠮᠦᠵᠢᠯ | ᠥᠷᠨᠢᠭᠦᠯᠬᠦ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠠᠵᠢᠯ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠤᠯᠤᠰ ᠤᠨ ᠲᠣᠮᠣ ᠡᠲᠡᠭᠡᠳ︾ ᠤᠨ ᠳᠡᠭᠡᠳᠦ ᠬᠡᠮᠵᠢᠶᠡᠨ ᠠᠴᠠ ᠠᠮᠤ | ᠪᠤᠳᠠᠭ᠎ᠠ ᠶᠢ ᠨᠥᠭᠡᠴᠡᠯᠡᠬᠦ ᠳᠤ ᠭᠠᠵᠠᠷ ᠰᠢᠷᠣᠢ ᠶᠢ ᠲᠦᠰᠢᠭᠯᠡᠬᠦ᠂ ᠠᠮᠤ ᠪᠤᠳᠠᠭ᠎ᠠ ᠶᠢ ᠨᠥᠭᠡᠴᠡᠯᠡᠬᠦ ᠳᠤ ᠮᠡᠷᠭᠡᠵᠢᠯ ᠢ | ᠡᠷᠬᠢᠮᠯᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠡᠪᠴᠢᠶ᠎ᠡ ᠶᠢ ᠥᠷᠭᠡᠳᠬᠡᠨ᠂ ᠶᠠᠰᠤ ᠴᠢᠨᠠᠷ ᠢ | ᠳᠡᠭᠡᠭᠰᠢᠯᠡᠭᠦᠯᠵᠦ᠂ ᠬᠠᠮᠢᠠᠷᠤᠯᠳᠠ ᠬᠠᠮᠠᠭᠠᠯᠠᠯᠳᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ | ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠪᠠ᠃ | | | | | ᠡᠨᠡ ᠵᠢᠯ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠨᠢᠭᠡᠨ ᠵᠤᠷᠪᠤᠰ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠢ ᠮᠡᠳᠡᠭᠳᠡᠯ︾ ᠪᠣᠯᠣᠨ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠨᠠᠷᠢᠨ | ᠨᠢᠮᠪᠠᠢ ᠲᠥᠯᠥᠪᠵᠢᠭᠦᠯᠵᠦ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠭᠠᠵᠠᠷ ᠢ ᠬᠠᠮᠠᠭᠠᠯᠠᠬᠤ᠂ | ᠭᠠᠵᠠᠷ ᠤᠨ ᠬᠦᠴᠦᠨ ᠢ ᠳᠡᠭᠡᠭᠰᠢᠯᠡᠭᠦᠯᠬᠦ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠵᠦᠢ ᠵᠣᠬᠢᠰᠲᠠᠢ ᠲᠥᠯᠥᠪᠵᠢᠭᠦᠯᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠲᠦᠯᠬᠢᠨ ᠠᠬᠢᠭᠤᠯᠵᠤ᠂ ᠲᠠᠷᠢᠶᠠᠨ ᠭᠠᠵᠠᠷ᠂ | ᠰᠤᠪᠠᠭ᠂ ᠵᠠᠮ ᠵᠡᠷᠭᠡ ᠰᠠᠭᠤᠷᠢ ᠪᠡᠯᠡᠳᠬᠡᠮᠵᠢ ᠶᠢᠨ ᠥᠭᠡᠷᠡᠴᠢᠯᠡᠯᠲᠡ ᠶᠢ ᠬᠢᠭᠰᠡᠨ ᠤ ᠳᠠᠷᠠᠭ᠎ᠠ᠂ ᠲᠡᠭᠰᠢᠯᠡᠭᠰᠡᠨ | ᠲᠠᠷᠢᠶᠠᠨ ᠭᠠᠵᠠᠷ᠂ ᠰᠢᠯᠤᠭᠤᠨ ᠰᠤᠪᠠᠭ᠂ ᠥᠷᠭᠡᠨ ᠠᠭᠤᠳᠠᠮ ᠲᠠᠷᠢᠶᠠᠨ ᠭᠠᠵᠠᠷ ᠤᠨ ᠵᠠᠮ ᠢ ᠪᠠᠶᠢᠭᠤᠯᠵᠤ᠂ ᠲᠠᠷᠢᠶᠠᠨ | ᠭᠠᠵᠠᠷ ᠨᠢ ᠳᠥᠷᠪᠡᠯᠵᠢᠨ᠂ ᠵᠠᠮ ᠨᠢ ᠬᠠᠷᠢᠯᠴᠠᠨ ᠨᠡᠪᠲᠡᠷᠡᠭᠰᠡᠨ᠂ ᠰᠤᠪᠠᠭ ᠨᠢ ᠵᠠᠯᠭᠠᠯᠳᠤᠭᠰᠠᠨ ᠪᠠᠶᠢᠳᠠᠯ ᠢ | ᠢᠯᠡᠷᠡᠭᠦᠯᠦᠨ᠎ᠡ᠃ | | | | | ᠲᠣᠰ ᠵᠢᠯ ᠤᠨ 6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ | ᠰᠢᠪᠲᠤᠷᠭᠠᠨ ᠳᠠᠭᠠᠨ ᠣᠷᠣᠵᠤ᠂ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠴᠠᠭ ᠲᠤᠬᠠᠢ ᠳᠤᠨᠢ ᠦᠷ᠎ᠡ | ᠠᠰᠢᠭ ᠢ ᠪᠠᠳᠠᠷᠠᠭᠤᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠭᠠᠩᠳᠠᠵᠤ ᠤᠰᠤᠲᠤᠪᠠᠴᠤ | ᠬᠤᠷᠢᠶᠠᠯᠲᠠ ᠶᠢ ᠪᠠᠲᠤᠯᠠᠵᠤ᠂ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠦᠨ᠎ᠡ᠃ ᠲᠠᠷᠢᠶᠠᠨ ᠭᠠᠵᠠᠷ ᠤᠨ | ᠤᠰᠤᠯᠠᠯᠲᠠ ᠶᠢᠨ ᠤᠰᠤ ᠵᠠᠯᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ ᠭᠠᠩ | ᠬᠠᠭᠰᠠᠷᠠᠭᠠᠨ ᠢ ᠤᠰᠤᠯᠠᠵᠤ᠂ ᠤᠰᠤᠲᠤᠯ ᠢ ᠵᠠᠯᠠᠬᠤ ᠶᠢ ᠪᠠᠲᠤᠯᠠᠵᠤ᠂ ᠰᠢᠷ᠎ᠠ ᠤᠰᠤᠯᠤᠯᠲᠠ ᠶᠢᠨ ᠣᠷᠣᠨ ᠳᠤ | ᠳᠣᠲᠣᠷᠯᠠᠨ ᠴᠣᠭᠴᠠᠯᠠᠭᠰᠠᠨ ᠰᠤᠪᠠᠭ ᠤᠨ ᠨᠡᠪᠴᠢᠯᠲᠡ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠵᠦ᠂ ᠤᠰᠤᠯᠠᠯᠲᠠ ᠶᠢ | ᠪᠠᠲᠤᠯᠠᠬᠤ ᠨᠤᠷᠮ᠎ᠠ ᠶᠢ 75% ᠬᠦᠷᠲᠡᠯ᠎ᠡ ᠳᠡᠭᠡᠭᠰᠢᠯᠡᠭᠦᠯᠵᠦ᠂ ᠤᠰᠤᠨ ᠰᠤᠪᠠᠭ ᠤᠨ ᠨᠡᠪᠴᠢᠵᠦ ᠭᠤᠭᠤᠵᠢᠬᠤ ᠶᠢ | ᠪᠠᠭᠠᠰᠬᠠᠨ᠂ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠠᠷᠪᠢᠯᠠᠵᠤ᠂ ᠤᠰᠤᠨ ᠤ ᠡᠬᠢ ᠪᠠᠶᠠᠯᠢᠭ ᠤᠨ | ᠠᠰᠢᠭᠯᠠᠯᠲᠠ ᠶᠢᠨ ᠨᠤᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠂ ᠬᠤᠳᠳᠤᠭ ᠢᠶᠠᠷ ᠤᠰᠤᠯᠠᠬᠤ ᠣᠷᠣᠨ ᠳᠤ | ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠵᠦ᠂ ᠤᠰᠤᠯᠠᠯᠲᠠ ᠶᠢ ᠪᠠᠲᠤᠯᠠᠬᠤ ᠨᠤᠷᠮ᠎ᠠ ᠶᠢ 90% ᠬᠦᠷᠲᠡᠯ᠎ᠡ | ᠳᠡᠭᠡᠭᠰᠢᠯᠡᠭᠦᠯᠪᠡᠯ᠂ ᠤᠰᠤᠨ ᠤ ᠬᠡᠮᠵᠢᠶ᠎ᠡ ᠶᠢ ᠬᠢᠵᠠᠭᠠᠷᠯᠠᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ | ᠪᠣᠷᠳᠣᠭᠤᠷ ᠠᠷᠪᠢᠯᠠᠬᠤ ᠤᠰᠤ ᠶᠢ ᠠᠷᠪᠢᠯᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ | ᠨᠤᠷᠮ᠎ᠠ ᠶᠢ ᠳᠡᠭᠡᠭᠰᠢᠯᠡᠭᠦᠯᠵᠦ᠂ ᠬᠥᠳᠡᠯᠮᠦᠷᠢ ᠬᠦᠴᠦᠨ ᠤ ᠣᠷᠣᠭᠤᠯᠤᠯᠲᠠ ᠶᠢ ᠠᠷᠪᠢᠯᠠᠵᠤ᠂ ᠦᠢᠯᠡᠳᠪᠦᠷᠢᠯᠡᠯ ᠤᠨ | ᠥᠪᠡᠷ ᠤᠨ ᠦᠷᠳᠡᠭ ᠢ ᠪᠠᠭᠤᠷᠠᠭᠤᠯᠵᠤ᠂ ᠤᠰᠤ ᠪᠣᠷᠳᠣᠭᠤᠷ ᠤᠨ ᠤᠷᠤᠰᠤᠭᠳᠠᠯ ᠢ ᠪᠠᠭᠠᠰᠬᠠᠵᠤ ᠴᠢᠳᠠᠨ᠎ᠠ᠃ | ᠣᠶᠤᠨᠴᠢᠯᠠᠭᠰᠠᠨ ᠢᠯᠡ ᠰᠤᠪᠠᠭ ᠤᠨ ᠤᠷᠤᠰᠬᠠᠯ ᠤᠨ ᠬᠡᠮᠵᠢᠯᠲᠡ ᠶᠢᠨ ᠰᠢᠰᠲ᠋ᠧᠮ ᠪᠠ ︽ᠳᠥᠷᠪᠡᠨ ᠪᠠᠶᠢᠳᠠᠯ︾ ᠢ | ᠪᠠᠶᠢᠴᠠᠭᠠᠨ ᠬᠡᠮᠵᠢᠬᠦ ᠰᠢᠰᠲ᠋ᠧᠮ ᠢ ᠤᠭᠰᠠᠷᠠᠵᠤ᠂ ᠤᠰᠤᠯᠠᠯᠲᠠ ᠶᠢᠨ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤ ᠶᠢ | ᠵᠣᠬᠢᠰᠲᠠᠢ ᠬᠤᠪᠢᠶᠠᠷᠢᠯᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠤᠰᠤᠨ ᠤ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠠᠷᠢᠶᠠᠨ | ᠭᠠᠵᠠᠷ ᠤᠨ ᠴᠢᠬᠢ ᠶᠢᠨ ᠪᠠᠶᠢᠳᠠᠯ᠂ ᠬᠤᠷᠣᠬᠠᠢ ᠶᠢᠨ ᠪᠠᠶᠢᠳᠠᠯ᠂ ᠴᠢᠭᠢᠭ ᠤᠨ ᠪᠠᠶᠢᠳᠠᠯ᠂ ᠴᠠᠭ ᠠᠭᠤᠷ ᠢ ᠠᠦ᠋ᠲ᠋ᠣ᠋ | ᠬᠢᠨᠠᠨ ᠬᠡᠮᠵᠢᠬᠦ ᠶᠢ ᠪᠡᠶᠡᠯᠡᠭᠦᠯᠵᠦ᠂ ᠲᠠᠷᠢᠮᠠᠯ ᠤᠨ ᠠᠳᠠᠯᠢ ᠪᠤᠰᠤ ᠤᠷᠭᠤᠯᠲᠠ ᠶᠢᠨ ᠦᠶᠡᠯᠡᠯ ᠤᠨ ᠬᠤᠭᠤᠴᠠᠭᠠᠨ ᠳᠠᠬᠢ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠤᠰᠤᠯᠠᠬᠤ᠂ ᠪᠣᠷᠳᠣᠭᠤᠷ ᠣᠷᠣᠭᠤᠯᠬᠤ᠂ ᠡᠪᠡᠳᠴᠢᠨ | ᠬᠤᠷᠣᠬᠠᠢ ᠶᠢᠨ ᠬᠥᠨᠥᠭᠡᠯ ᠢ ᠨᠢᠭᠡᠳᠦᠯᠲᠡᠢ ᠰᠡᠷᠭᠡᠶᠢᠯᠡᠨ ᠵᠠᠰᠠᠬᠤ ᠨᠣᠶᠠᠷᠬᠠᠯ ᠢ ᠵᠦᠢ ᠵᠣᠬᠢᠰᠲᠠᠢ ᠲᠣᠬᠢᠷᠠᠭᠤᠯᠤᠨ᠂ | ᠲᠠᠷᠢᠶᠠᠨ ᠭᠠᠵᠠᠷ ᠤᠨ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠮᠠᠯ ᠤᠨ | ᠤᠨᠠᠯᠲᠠ ᠶᠢ ᠳᠡᠭᠡᠭᠰᠢᠯᠡᠭᠦᠯᠦᠨ᠂ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠦᠨ᠎ᠡ᠃ ᠮᠦ ᠪᠦᠷᠢ ᠶᠢᠨ ᠳᠤᠮᠳᠠᠴᠢ | ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ 10% - 20% ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ | ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ 120 ᠺᠢᠯᠣᠭ᠍ᠷᠠᠮ ᠣᠷᠴᠢᠮ ᠳᠡᠭᠡᠭᠰᠢᠯᠡᠭᠦᠯᠵᠦ᠂ ᠲᠠᠷᠢᠶᠠᠨ | ᠭᠠᠵᠠᠷ ᠤᠨ ᠵᠠᠮ ᠨᠡᠪᠲᠡᠷᠡᠯᠭᠡ ᠶᠢᠨ ᠬᠡᠮᠵᠢᠶ᠎ᠡ ᠶᠢ 100% ᠳᠤ ᠬᠦᠷᠭᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ | ᠮᠧᠬᠠᠨᠢᠭᠵᠢᠭᠤᠯᠤᠯᠲᠠ ᠶᠢᠨ ᠨᠤᠷᠮ᠎ᠠ ᠶᠢ 100% ᠬᠦᠷᠲᠡᠯ᠎ᠡ ᠳᠡᠭᠡᠭᠰᠢᠯᠡᠭᠦᠯᠵᠦ᠂ ᠭᠤᠣᠯ ᠪᠣᠯᠬᠤ ᠠᠮᠤ ᠪᠤᠳᠠᠭᠠᠨ ᠤ | ᠲᠠᠷᠢᠮᠠᠯ ᠤᠨ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠧᠬᠠᠨᠢᠭᠵᠢᠭᠤᠯᠤᠯᠲᠠ ᠶᠢᠨ ᠨᠤᠷᠮ᠎ᠠ ᠶᠢ 100% ᠳᠤ | ᠬᠦᠷᠭᠡᠵᠦ᠂ ᠮᠦ ᠪᠦᠷᠢ ᠶᠢᠨ ᠳᠤᠮᠳᠠᠴᠢ ᠤᠰᠤ ᠠᠷᠪᠢᠯᠠᠬᠤ ᠨᠤᠷᠮ᠎ᠠ ᠶᠢ 10% - 20% ᠳᠤ ᠬᠦᠷᠭᠡᠵᠦ᠂ ᠤᠰᠤ | ᠪᠣᠷᠳᠣᠭᠤᠷ ᠢ ᠨᠢᠭᠡ ᠴᠣᠭᠴᠠᠵᠢᠭᠤᠯᠤᠭᠰᠠᠨ ᠠᠰᠢᠭᠯᠠᠯᠲᠠ ᠶᠢᠨ ᠨᠤᠷᠮ᠎ᠠ ᠶᠢ 20% ᠪᠠᠷ ᠳᠡᠭᠡᠭᠰᠢᠯᠡᠭᠦᠯᠵᠦ᠂ ᠤᠨᠢᠨ | ᠳᠡᠭᠡᠷ᠎ᠡ ᠨᠢ ᠪᠣᠷᠳᠣᠭᠤᠷ ᠣᠷᠣᠭᠤᠯᠬᠤ ᠳᠤ ᠪᠣᠷᠳᠣᠭᠤᠷ ᠤᠨ ᠠᠰᠢᠭᠯᠠᠯᠲᠠ ᠶᠢᠨ ᠨᠤᠷᠮ᠎ᠠ ᠶᠢ 35% ᠪᠠᠷ | ᠳᠡᠭᠡᠭᠰᠢᠯᠡᠭᠦᠯᠵᠦ᠂ ᠮᠦ ᠪᠦᠷᠢ ᠶᠢᠨ ᠵᠢᠯ ᠤᠨ ᠳᠤᠮᠳᠠᠴᠢ ᠣᠷᠣᠯᠭ᠎ᠠ ᠶᠢ 200 ᠲᠦᠭᠦᠷᠢᠭ ᠠᠴᠠ ᠲᠡᠭᠡᠭᠰᠡᠢ ᠪᠤᠯᠵᠠᠢ᠃ | | ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠴᠢᠬᠤᠯᠠ ᠰᠠᠭᠤᠷᠢ ᠮᠥᠨ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠣᠯ ᠮᠠᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠬᠤᠯᠠ ᠠᠷᠭ᠎ᠠ ᠵᠠᠮ ᠮᠥᠨ᠃ ︽ᠭᠠᠵᠠᠷ ᠲᠡᠭᠰᠢ᠂ ᠵᠠᠮ ᠨᠡᠪᠲᠡᠷᠡᠯᠴᠡᠭᠰᠡᠨ᠂ ᠭᠠᠩᠳᠠᠪᠠᠯ ᠤᠰᠤᠯᠠᠬᠤ᠂ | ᠤᠰᠤᠳᠠᠪᠠᠯ ᠤᠰᠤ ᠭᠠᠳᠠᠭᠰᠢᠯᠠᠭᠤᠯᠬᠤ᠂ ᠴᠠᠬᠢᠯᠭᠠᠨ ᠪᠠᠲᠤᠯᠠᠭ᠎ᠠ ᠲᠠᠢ᠂ ᠢᠵᠢ ᠪᠦᠷᠢᠳᠦᠭᠰᠡᠨ᠂ ᠮᠠᠰᠢᠨᠴᠢᠯᠠᠬᠤ ᠳᠤ | ᠲᠣᠬᠢᠷᠠᠮᠵᠢᠲᠠᠢ᠂ ᠥᠨᠳᠥᠷ ᠦᠷ᠎ᠡ ᠠᠰᠢᠭ ᠲᠠᠢ︾ ᠪᠠᠶᠢᠬᠤ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ | ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠰᠠᠶᠢᠵᠢᠷᠠᠭᠤᠯᠬᠤ ᠳᠡᠰ ᠳᠡᠪᠰᠢᠭᠦᠯᠬᠦ ᠶᠢ | ᠵᠡᠷᠭᠡᠪᠡᠷ ᠴᠢᠬᠤᠯᠠᠴᠢᠯᠠᠵᠤ᠂ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ ᠪᠠ ᠪᠦᠲᠦᠭᠡᠨ ᠪᠠᠶᠢᠭᠤᠯᠬᠤ ᠶᠠᠰᠤ | ᠴᠢᠨᠠᠷ ᠢ ᠵᠡᠷᠭᠡᠪᠡᠷ ᠴᠢᠬᠤᠯᠠᠴᠢᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠪᠦᠲᠦᠭᠡᠨ | ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ | ᠲᠠᠷᠢᠶᠠᠨ ᠭᠠᠵᠠᠷ᠂ ᠤᠰᠤ᠂ ᠤᠢ ᠰᠢᠭᠤᠢ᠂ ᠵᠠᠮ᠂ ᠴᠠᠬᠢᠯᠭᠠᠨ ᠪᠣᠯᠣᠨ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠡᠷᠦᠩᠬᠡᠶᠢᠯᠡᠭᠰᠡᠨ ᠢᠵᠢ ᠪᠦᠷᠢᠳᠦᠭᠦᠯᠦᠨ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠦᠷᠢᠯᠡᠬᠦ ᠪᠠᠷ ᠬᠦᠴᠦᠯᠡᠵᠦ᠂ ᠠᠮᠤ ᠪᠤᠳᠠᠭᠠᠨ ᠤ ᠥᠨᠳᠥᠷ ᠤᠨᠠᠯᠲᠠ᠂ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠬᠦ ᠪᠠᠷ | ᠬᠦᠴᠦᠯᠡᠵᠦ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠪᠣᠯᠣᠨ ᠲᠠᠷᠢᠶᠠᠯᠠᠩ ᠤᠨ ᠦᠢᠯᠡᠳᠪᠦᠷᠢᠯᠡᠯ ᠤᠨ | ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠵᠤ᠂ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ | ᠪᠠᠬᠢᠵᠢᠭᠦᠯᠦᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |