ᠲᠤᠭᠳᠠᠬᠤ ᠰᠢᠶᠠᠨ᠄ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/11/9
      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠰᠠᠭᠤᠷᠢ ᠪᠣᠯᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠦᠬᠦ ᠬᠡᠪᠴᠢᠶᠡᠨ ᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠴᠢᠨᠠᠭᠰᠢᠳᠠ ᠵᠢᠷᠤᠮᠵᠢᠭᠤᠯᠵᠠᠢ᠃      ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠴᠡᠪᠡᠷᠯᠡᠬᠦ ᠠᠷᠢᠭᠤᠨ ᠴᠡᠪᠡᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ︽ᠠᠷᠠᠳ ᠤᠨ ᠬᠤᠭᠤᠯᠠᠨ ᠰᠢᠷᠡᠭᠡ︾ ᠶᠢ ᠨᠠᠩ ᠰᠠᠨᠠᠭ᠎ᠠ ᠠᠮᠤᠷ ᠢᠳᠡᠭᠦᠯᠦᠨ᠎ᠡ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠰᠢᠶᠠᠨ ᠤ ᠪᠤᠶ ᠪᠦᠬᠦᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ᠂ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠤᠭᠤᠯᠠᠨ ᠤ ᠰᠠᠪᠠ ᠬᠡᠷᠡᠭᠰᠡᠯ ᠢ ᠬᠢᠨᠠᠨ ᠬᠠᠮᠢᠶᠠᠷᠴᠤ ᠨᠠᠮ ᠤᠨ ᠭᠡᠰᠢᠭᠦᠨ ᠭᠤᠣᠯᠯᠠᠭᠴᠢ ᠬᠦᠴᠦᠨ ᠢᠶᠠᠷ ᠭᠤᠣᠯ ᠪᠣᠯᠭᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠪᠠ ᠠᠷᠢᠭᠤᠨ ᠴᠡᠪᠡᠷ ᠤᠨ ᠠᠵᠢᠯᠯᠠᠭ᠎ᠠ ᠶᠢ ᠵᠢᠷᠤᠮᠵᠢᠭᠤᠯᠬᠤ᠂ ᠠᠷᠢᠭᠤᠳᠬᠠᠬᠤ ᠲᠤᠰᠬᠠᠢ ᠲᠥᠬᠦᠭᠡᠷᠦᠮᠵᠢ ᠶᠢᠨ ᠲᠣᠭᠤᠷᠢᠭ ᠢ ᠪᠠᠶᠢᠷᠢᠯᠠᠭᠤᠯᠬᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠲᠥᠪᠯᠡᠷᠡᠭᠦᠯᠦᠨ ᠠᠷᠢᠭᠤᠳᠬᠠᠬᠤ ᠨᠢᠭᠡᠴᠡ ᠶᠢᠨ ᠡᠵᠡᠩᠨᠡᠯᠲᠡ ᠶᠢᠨ ᠦᠨᠡᠮᠯᠡᠯ ᠪᠠ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ ᠳᠤ ᠬᠢᠷᠢ ᠲᠡᠩᠴᠡᠭᠰᠡᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠬᠤᠭᠤᠯᠠᠨ ᠤ ᠰᠠᠪᠠ ᠬᠡᠷᠡᠭᠰᠡᠯ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠶᠢᠨ ᠬᠠᠮᠲᠤ᠂ ᠣᠨᠴᠠ ᠵᠠᠷᠢᠮ ᠬᠤᠳᠠᠯᠳᠤᠭᠠᠴᠢᠨ᠂ ᠬᠤᠭᠤᠯᠠᠨ ᠭᠡᠷ ᠢ ᠤᠬᠢᠶᠠᠵᠤ ᠴᠡᠪᠡᠷᠯᠡᠬᠦ᠂ ᠠᠷᠢᠭᠤᠳᠬᠠᠭᠰᠠᠨ ᠨᠢ ᠪᠠᠷᠢᠮᠵᠢᠶ᠎ᠠ ᠳᠤ ᠬᠦᠷᠬᠦ ᠦᠭᠡᠢ᠂ ᠲᠣᠭᠲᠠᠭᠠᠯ ᠶᠣᠰᠣᠭᠠᠷ ᠲᠤᠰᠬᠠᠢ ᠣᠷᠣᠨ ᠭᠠᠷᠭᠠᠭᠰᠠᠨ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠥᠪᠡᠷ ᠤᠨ ᠪᠡᠶ᠎ᠡ ᠪᠠᠷ ᠢᠶᠠᠨ ᠵᠢᠯᠤᠭᠤᠳᠬᠤ ᠶᠢᠨ ᠬᠠᠮᠲᠤ ᠵᠠᠷᠯᠢᠭᠳᠠᠵᠤ ᠪᠠᠶᠢᠭᠠᠳ ᠴᠠᠭ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠨ᠎ᠡ᠃
     ᠬᠠᠤᠯᠢ ᠬᠡᠷᠡᠭᠵᠢᠭᠦᠯᠬᠦ ᠠᠵᠢᠯᠲᠠᠨ ᠶᠠᠭ ᠤᠬᠢᠶᠠᠵᠤ ᠴᠡᠪᠡᠷᠯᠡᠭᠰᠡᠨ ᠪᠠᠶᠢᠳᠠᠯ ᠢ ᠪᠠᠶᠢᠴᠠᠭᠠᠵᠤ ᠪᠠᠶᠢᠭ᠎ᠠ ᠨᠢ      ᠬᠥᠳᠡᠭᠡ ᠲᠣᠰᠬᠤᠨ ᠤ ᠬᠤᠭᠤᠯᠠᠨ ᠤ ᠰᠠᠪᠠ ᠬᠡᠷᠡᠭᠰᠡᠯ ᠤᠨ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ ᠠᠷᠠᠳ ᠤᠯᠠᠨ ᠤ ︽ᠢᠳᠡᠰᠢᠨ ᠨᠣᠭᠤᠭ᠎ᠠ︾ ᠶᠢᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ᠰᠢᠩ ᠱᠧᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠡᠮ ᠤᠨ ᠦᠯᠡᠳᠡᠭᠳᠡᠯ ᠢ ᠵᠠᠷᠯᠠᠨ ᠨᠡᠶᠢᠲᠡᠯᠡᠬᠦ ᠪᠤᠯᠤᠩ ᠪᠠᠶᠢᠭᠤᠯᠤᠭᠰᠠᠨ ᠠᠴᠠ ᠨᠠᠭᠠᠰᠢ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠠᠬ᠎ᠠ ᠳᠡᠯᠭᠡᠭᠦᠷ ᠲᠠᠬᠢ ᠵᠢᠮᠢᠰ ᠨᠣᠭᠤᠭ᠎ᠠ ᠶᠢᠨ ᠡᠵᠡᠩᠨᠡᠯᠲᠡ ᠶᠢᠨ ᠡᠷᠦᠬᠡ ᠳᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠵᠦ᠂ ᠡᠳᠦᠷ ᠪᠦᠷᠢ 25 ᠭᠠᠷᠤᠢ ᠪᠦᠯᠦᠭ ᠤᠳᠠᠭ᠎ᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠲᠦᠷᠭᠡᠨ ᠪᠠᠶᠢᠴᠠᠭᠠᠨ ᠰᠢᠯᠭᠠᠬᠤ ᠶᠢᠨ ᠬᠠᠮᠲᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠬᠦ ᠪᠤᠯᠤᠩ ᠳᠡᠭᠡᠷ᠎ᠡ ᠴᠠᠭ ᠲᠤᠬᠠᠢ ᠳᠤᠨᠢ ᠵᠠᠷᠯᠠᠨ ᠨᠡᠶᠢᠲᠡᠯᠡᠵᠡᠢ᠃ ᠣᠲᠣ ᠪᠣᠯᠲᠠᠯ᠎ᠠ᠂ ᠨᠢᠭᠡᠨᠲᠡ 3400 ᠭᠠᠷᠤᠢ ᠪᠦᠯᠦᠭ ᠤᠳᠠᠭ᠎ᠠ ᠶᠢᠨ ᠲᠦᠷᠭᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠠᠷᠯᠠᠨ ᠨᠡᠶᠢᠲᠡᠯᠡᠪᠡ᠃
     ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠡᠮ ᠤᠨ ᠦᠯᠡᠳᠡᠭᠳᠡᠯ ᠢ ᠢᠯᠡ ᠨᠡᠶᠢᠳᠡᠯᠡᠵᠦ ᠪᠠᠶᠢᠭ᠎ᠠ ᠨᠢ      ︽ᠢᠯᠡ ᠲᠤᠭᠤᠭᠠᠨ ᠭᠡᠷ︾ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠰᠢᠶᠠᠨ ᠤ ᠬᠡᠦᠬᠡᠳ ᠤᠨ ᠴᠡᠴᠡᠷᠯᠢᠭ ᠤᠨ ︽ᠢᠯᠡ ᠲᠤᠭᠤᠭᠠᠨ ᠭᠡᠷ︾ ᠶᠢ ᠪᠠᠶᠢᠴᠠᠭᠠᠵᠤ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠰᠢᠯᠭᠠᠨ ᠬᠤᠷᠢᠶᠠᠵᠤ ᠬᠠᠳᠠᠭᠠᠯᠠᠬᠤ᠂ ᠦᠢᠯᠡᠳᠴᠦ ᠪᠣᠯᠪᠠᠰᠤᠷᠠᠭᠤᠯᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠬᠤᠭᠤᠯᠠ ᠪᠡᠯᠡᠳᠬᠡᠨ ᠬᠤᠭᠤᠯᠠ ᠬᠦᠷᠭᠡᠬᠦ ᠵᠡᠷᠭᠡ ᠠᠵᠢᠯ ᠢ ᠭᠤᠣᠯᠳᠠᠯᠭ᠎ᠠ ᠲᠠᠢ ᠨᠠᠷᠢᠨ ᠨᠢᠮᠪᠠᠢ ᠪᠠᠶᠢᠴᠠᠭᠠᠨ ᠦᠵᠡᠬᠦ ᠶᠢᠨ ᠬᠠᠮᠲᠤ ︽ᠢᠯᠡ ᠲᠤᠭᠤᠭᠠᠨ ᠭᠡᠷ︾ ᠤᠨ ᠠᠵᠢᠯ ᠤᠨ ᠲᠠᠯ᠎ᠠ ᠪᠠᠷ ᠵᠢᠯᠤᠭᠤᠳᠬᠤ ᠰᠠᠨᠠᠯ ᠳᠤᠷᠠᠳᠴᠤ᠂ ᠬᠡᠦᠬᠡᠳ ᠤᠨ ᠴᠡᠴᠡᠷᠯᠢᠭ ᠢ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
    ᠬᠠᠤᠯᠢ ᠬᠡᠷᠡᠭᠵᠢᠭᠦᠯᠬᠦ ᠠᠵᠢᠯᠲᠠᠨ ᠶᠠᠭ ︽ᠢᠯᠡ ᠲᠤᠭᠤᠭᠠᠨ ᠭᠡᠷ︾ ᠤᠨ ᠤᠭᠰᠠᠷᠠᠵᠤ ᠬᠡᠷᠡᠭᠯᠡᠭᠰᠡᠨ ᠪᠠᠶᠢᠳᠠᠯ ᠢ ᠪᠠᠶᠢᠴᠠᠭᠠᠵᠤ ᠪᠠᠶᠢᠭ᠎ᠠ ᠨᠢ      ᠵᠠᠯᠭᠠᠭᠠᠳ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ᠪᠠᠷᠢᠮᠲᠠᠯᠠᠨ᠂ ᠢᠳᠡᠭᠡᠨ ᠤᠮᠳᠠᠭᠠᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1