2023 ᠣᠨ ᠤ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠴᠢᠮᠡᠭᠡᠯᠡᠭᠴᠢ ᠶᠢᠨ ᠪᠣᠯᠪᠠᠰᠤᠷᠠᠯ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/9
      2023 ᠣᠨ ᠤ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠴᠢᠮᠡᠭᠡᠯᠡᠭᠴᠢ ᠶᠢᠨ ᠪᠣᠯᠪᠠᠰᠤᠷᠠᠯ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ᠃ ᠮᠠᠨ ᠤ ᠬᠤᠲᠠ ᠶᠢᠨ 51 ᠰᠢᠯᠢᠳᠡᠭ ᠴᠢᠮᠡᠭᠡᠯᠡᠭᠴᠢ ᠬᠥᠬᠢᠭᠦᠯᠦᠨ ᠰᠠᠶᠢᠰᠢᠶᠠᠭᠳᠠᠪᠠ᠃      11 ᠳ᠋ᠤᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ 2023 ᠣᠨ ᠤ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠴᠢᠮᠡᠭᠡᠯᠡᠭᠴᠢ ᠶᠢᠨ ᠪᠣᠯᠪᠠᠰᠤᠷᠠᠭᠤᠯᠤᠯ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠶᠠᠪᠤᠭᠳᠠᠪᠠ᠃ ᠬᠤᠷᠠᠯ ᠳᠡᠭᠡᠷ᠎ᠡ᠂ ᠨᠡᠶᠢᠳᠡ 51 ᠰᠢᠯᠢᠳᠡᠭ ᠴᠢᠮᠡᠭᠡᠯᠡᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠥᠭᠡᠳ ᠴᠢᠮᠡᠭᠡᠯᠡᠭᠴᠢ ᠳᠤ ᠬᠠᠮᠢᠶ᠎ᠠ ᠪᠦᠬᠦᠢ ᠪᠣᠯᠪᠠᠰᠤᠷᠠᠯ ᠢ ᠥᠷᠨᠢᠭᠦᠯᠵᠦ᠂ ᠰᠤᠷᠤᠯᠴᠠᠯᠭ᠎ᠠ ᠪᠣᠯᠪᠠᠰᠤᠷᠠᠯ ᠢᠶᠠᠷ ᠲᠠᠮᠵᠢᠨ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠥᠷᠭᠡᠨ ᠤᠯᠠᠨ ᠴᠢᠮᠡᠭᠡᠯᠡᠭᠴᠢ ᠶᠢᠨ ᠶᠡᠷᠦᠩᠬᠡᠢ ᠬᠡᠪ ᠴᠢᠨᠠᠷ ᠪᠣᠯᠣᠨ ᠲᠤᠬᠠᠶᠢᠯᠠᠭᠰᠠᠨ ᠠᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢ ᠬᠦᠰᠡᠪᠡ᠃
     ᠪᠦᠬᠦ ᠤᠯᠤᠰ ᠤᠨ ᠬᠤᠲᠠ ᠶᠢᠨ ᠳᠡᠰ ᠤᠨ 60  ᠬᠠᠮ ᠵᠠᠭᠤᠴᠢᠯᠠᠭᠤᠷ ᠤᠨ ᠲᠤᠷᠰᠢᠯᠲᠠ ᠶᠢᠨ ᠨᠢᠭᠡᠴᠡ ᠶᠢᠨ ᠨᠢᠭᠡ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠭᠰᠠᠨ ᠵᠢᠯ ᠰᠢᠬᠠᠮ ᠤᠨ ᠬᠤᠭᠤᠴᠠᠭᠠᠨ ᠳᠤ᠂ ᠤᠳᠤᠷᠢᠳᠤᠮᠵᠢ ᠪᠠᠷ ᠰᠦᠭ ᠰᠦᠨᠡᠰᠦ ᠪᠣᠯᠭᠠᠬᠤ᠂  ᠠᠭᠤᠯᠭ᠎ᠠ᠂ ᠰᠢᠨ᠎ᠡ ᠶᠢ ᠡᠭᠦᠳᠬᠦ ᠪᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ᠂ ᠲᠠᠪᠴᠠᠩ ᠤᠨ ᠪᠠᠶᠢᠭᠤᠯᠤᠯᠲᠠ᠂ ᠴᠤᠪᠤᠷᠠᠯ ᠤᠨ ᠬᠠᠮᠢᠶᠠᠷᠤᠯᠲᠠ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠠᠭᠤᠰᠤᠯᠴᠠᠵᠤ᠂ ᠠᠭᠤᠰᠤᠯᠴᠠᠨ ᠳᠠᠮᠵᠢᠭᠤᠯᠬᠤ ᠵᠢᠭᠰᠠᠭᠠᠯ ᠢ ᠪᠠᠶᠢᠭᠤᠯᠵᠤ᠂ ᠤᠯᠠᠨ ᠠᠴᠠ ᠴᠣᠯᠭᠤᠷᠠᠭᠰᠠᠨ ᠤᠯᠠᠨ ᠵᠠᠭᠤᠴᠢᠯᠠᠭᠤᠷ ᠤᠨ ᠠᠭᠤᠰᠤᠯᠴᠠᠭᠰᠠᠨ ᠪᠦᠲᠦᠭᠡᠭᠳᠡᠬᠦᠨ ᠢ ᠡᠭᠦᠳᠴᠦ᠂ ᠢᠯᠡᠳᠲᠡ ᠦᠷ᠎ᠡ ᠪᠦᠲᠦᠮᠵᠢ ᠣᠯᠵᠠᠢ᠃ ᠡᠨᠡ ᠪᠦᠬᠦᠨ ᠨᠢ ᠥᠷᠭᠡᠨ ᠤᠯᠠᠨ ᠴᠢᠮᠡᠭᠡᠯᠡᠭᠴᠢᠳ ᠤᠨ ᠢᠳᠡᠪᠬᠢᠲᠡᠢ ᠬᠠᠮᠵᠢᠯᠴᠠᠭ᠎ᠠ ᠪᠠ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃
     ᠪᠦᠬᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ ᠪᠠᠶᠢᠭ᠎ᠠ ᠵᠠᠩᠭᠢᠯᠠᠭ᠎ᠠ ᠶᠢᠨ ᠴᠠᠭ ᠮᠥᠴᠡ ᠳᠤ᠂ ᠲᠤᠰ ᠤᠳᠠᠭ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠵᠣᠷᠢᠯᠭ᠎ᠠ ᠨᠢ ᠥᠷᠭᠡᠨ ᠤᠯᠠᠨ ᠰᠣᠨᠢᠨ ᠮᠡᠳᠡᠭᠡᠨ ᠤ ᠠᠵᠢᠯᠲᠠᠳ ᠤᠨ ᠮᠠᠷᠺᠰ ᠤᠨ ᠦᠵᠡᠯ ᠤᠨ ᠰᠣᠨᠢᠨ ᠮᠡᠳᠡᠭᠡᠨ ᠤ ᠦᠵᠡᠯᠲᠡ ᠶᠢ ᠪᠠᠲᠤ ᠪᠤᠢ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ ᠲᠠᠯ᠎ᠠ ᠪᠠᠷ ᠨᠢᠭᠡᠳᠬᠡᠵᠦ᠂ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠥᠯᠥᠭᠡ ᠶᠤᠮ᠃
     ᠲᠤᠬᠠᠢ ᠶᠢᠨ ᠡᠳᠦᠷ᠂ ᠬᠤᠷᠠᠯ ᠳᠤ ᠣᠷᠣᠯᠴᠠᠭᠰᠠᠨ ᠴᠢᠮᠡᠭᠡᠯᠡᠭᠴᠢᠳ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠵᠢᠯᠣᠭᠤᠳᠤᠨ ᠲᠣᠬᠢᠷᠠᠭᠤᠯᠬᠤ ᠲᠥᠪ᠂ ᠲᠥᠪ ᠲᠣᠭᠤᠭᠠᠨ ᠭᠡᠷ ᠢᠶᠠᠷ ᠲᠣᠭᠤᠷᠢᠨ ᠦᠵᠡᠵᠦ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠵᠢᠯᠣᠭᠤᠳᠤᠨ ᠲᠣᠬᠢᠷᠠᠭᠤᠯᠬᠤ᠂ ᠠᠵᠢᠯ ᠤᠨ ᠶᠠᠪᠤᠴᠠ ᠵᠢᠴᠢ ᠰᠢᠨ᠎ᠡ ᠶᠢ ᠡᠭᠦᠳᠬᠦ ᠭᠢᠯᠠᠰ ᠴᠡᠭ ᠵᠡᠷᠭᠡ ᠶᠢ ᠣᠶᠢᠯᠠᠭᠠᠪᠠ᠃ ᠳᠠᠷᠠᠭᠠᠪᠠᠷ ᠨᠢ ᠪᠣᠯᠪᠠᠰᠤᠷᠠᠯ ᠬᠦᠷᠲᠡᠵᠦ᠂ ᠴᠢᠮᠡᠭᠡᠯᠡᠭᠴᠢ ᠨᠠᠷ ᠪᠠᠭ᠎ᠠ ᠪᠤᠰᠤ ᠠᠰᠢᠭ ᠬᠦᠷᠲᠡᠵᠡᠢ ᠭᠡᠵᠦ ᠢᠯᠡᠳᠬᠡᠵᠡᠭᠡᠪᠡ᠂ ᠬᠤᠶᠢᠰᠢᠳᠠ ᠰᠣᠯᠢᠯᠴᠠᠭ᠎ᠠ ᠰᠤᠷᠤᠯᠴᠠᠯᠭ᠎ᠠ ᠪᠠᠨ ᠴᠢᠩᠭᠠᠳᠬᠠᠵᠤ᠂ ᠨᠡᠩ ᠤᠯᠠᠨ ᠰᠣᠳᠣᠨ ᠪᠦᠲᠦᠭᠡᠯ ᠢ ᠬᠠᠮᠲᠤᠪᠠᠷ ᠡᠭᠦᠳᠦᠨ ᠪᠦᠲᠦᠭᠡᠨ᠎ᠡ ᠭᠡᠵᠦ ᠢᠯᠡᠳᠬᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1