ᠰᠢᠶᠠᠨ ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ  ᠶᠢᠨ ᠲᠣᠪᠴᠢᠶ᠎ᠠ ᡺ ᠪᠠᠴᠢᠮ ᠪᠠᠶᠢᠳᠠᠯ  ᠢ ᠠᠷᠭᠠᠴᠠᠬᠤ ᠬᠦᠴᠦᠨ  ᠢ ᠲᠥᠪᠯᠡᠷᠡᠭᠦᠯᠦᠨ ᠠᠷᠠᠳ ᠤᠨ ᠲᠥᠯᠥᠭᠡ ᠵᠢᠳᠬᠦᠬᠦ ᠪᠠᠷ ᠵᠤᠷᠢᠯᠳᠡ ᠪᠤᠯᠭᠠᠵᠦ ᠪᠠᠶᠢᠨ᠎ᠠ
ᠨᠡᠶᠢᠲᠡᠯᠡᠭᠰᠡᠨ ᠴᠠᠭ᠄
2023/11/9
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠭᠠᠢ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠰᠢᠶᠠᠨ ᠤ ᠵᠡᠭᠦᠨ ᠬᠡᠰᠡᠭ᠂ ᠬᠤᠶᠢᠲᠤ ᠬᠡᠰᠡᠭ ᠤᠨ ᠰᠢᠶᠠᠩ ᠪᠠᠯᠭᠠᠰᠤ ᠬᠥᠳᠡᠭᠡ ᠲᠣᠰᠬᠤᠨ ᠤ ᠲᠤᠶᠢᠯ ᠤᠨ ᠶᠡᠷᠦ ᠪᠤᠰᠤ ᠶᠢᠨ ᠴᠠᠭ ᠠᠭᠤᠷ ᠤᠨ ᠤᠰᠤᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠴᠢᠮ ᠪᠠᠶᠢᠳᠠᠯ ᠢ ᠠᠷᠭᠠᠴᠠᠬᠤ ᠤᠰᠤ ᠬᠡᠷᠡᠭᠯᠡᠬᠦ ᠬᠤᠶᠠᠷ ᠲᠡᠷᠭᠡ ᠬᠤᠳᠠᠯᠳᠤᠨ ᠠᠪᠴᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠤᠰᠤ ᠬᠡᠷᠡᠭᠯᠡᠬᠦ ᠪᠣᠳᠠᠲᠠᠢ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠪᠡ᠃
     ᠬᠤᠳᠠᠯᠳᠤᠨ ᠠᠪᠤᠭᠰᠠᠨ ᠪᠠᠴᠢᠮ ᠪᠠᠶᠢᠳᠠᠯ ᠢ ᠠᠷᠭᠠᠴᠠᠬᠤ ᠤᠰᠤ ᠬᠡᠷᠡᠭᠯᠡᠬᠦ ᠲᠡᠷᠭᠡ ᠶᠢᠨ ᠤᠰᠤᠨ ᠰᠠᠪᠠ ᠶᠢᠨ ᠪᠠᠭᠲᠠᠭᠠᠮᠵᠢ ᠨᠢ 5 ᠲᠣᠨ ᠪᠠᠶᠢᠵᠤ᠂ ᠤᠰᠤ ᠲᠡᠭᠡᠭᠡᠪᠦᠷᠢᠯᠡᠬᠦ᠂ ᠤᠰᠤ ᠬᠠᠳᠠᠭᠠᠯᠠᠬᠤ᠂ ᠪᠠᠴᠢᠮ ᠪᠠᠶᠢᠳᠠᠯ ᠢ ᠠᠷᠭᠠᠴᠠᠵᠤ ᠭᠠᠯ ᠤᠨᠲᠠᠷᠠᠭᠠᠬᠤ ᠵᠡᠷᠭᠡ ᠣᠯᠠᠨ ᠵᠦᠢᠯ ᠤᠨ ᠴᠢᠳᠠᠮᠵᠢ ᠲᠠᠢ ᠪᠠᠶᠢᠵᠤ᠂ ᠬᠡᠷᠡᠭᠴᠡᠭᠡ ᠥᠷᠭᠡᠨ ᠳᠡᠯᠭᠡᠷ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠳᠠᠭ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠠᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠡᠰᠡᠬᠦ ᠶᠢ ᠠᠵᠢᠯ ᠢᠶᠠᠨ ᠰᠢᠯᠭᠠᠬᠤ ᠴᠢᠬᠤᠯᠠ ︽ᠰᠢᠯᠭᠠᠭᠤᠷ︾ ᠪᠣᠯᠭᠠᠵᠤ᠂ ᠤᠯᠠᠨ ᠲᠦᠮᠡᠨ ᠤ ᠲᠤᠰᠬᠠᠭᠰᠠᠨ ︽ᠳᠡᠷᠭᠡᠳᠡᠬᠢ ᠶᠠᠪᠤᠳᠠᠯ︾᠂ ︽ᠪᠤᠬᠢᠨᠢᠳᠤᠯ ᠲᠠᠢ ᠶᠠᠪᠤᠳᠠᠯ︾ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢ ᠬᠠᠷᠢᠭᠤ ᠲᠤᠰᠬᠠᠯ ᠲᠠᠢ ᠪᠠᠶᠢᠬᠤ ᠶᠢ ᠦᠨᠡᠨᠬᠦ  ᠪᠡᠶᠡᠯᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1