ᠲᠣᠭᠲᠠᠬᠤ ᠰᠢᠶᠠᠨ ᠤ ᠭᠦ᠋ ᠴᠧᠩ ᠪᠠᠯᠭᠠᠰᠤ᠄ ᠠᠷᠠᠳ ᠤᠨ ᠠᠮᠢᠳᠤᠷᠠᠯ ᠢᠶᠠᠷ ᠭᠠᠷᠳᠠᠴᠠ ᠪᠣᠯᠭᠠᠵᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/12/1
      ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠭᠦ᠋ ᠴᠧᠩ ᠪᠠᠯᠭᠠᠰᠤᠨ ᠤ ᠨᠠᠮ ᠤᠨ ᠬᠤᠷᠢᠶ᠎ᠠ ︽ᠦᠢᠯᠡᠳᠦᠯᠭᠡ ᠶᠢ ᠴᠢᠬᠤᠯᠠᠴᠢᠯᠠᠬᠤ︾ ᠶᠢ ᠲᠡᠷᠢᠭᠦᠨ ᠡᠭᠦᠷᠭᠡ ᠪᠣᠯᠭᠠᠨ ᠢᠮᠠᠭᠲᠠ ᠲᠤᠤᠱᠯᠠᠭᠤᠯᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠵᠣᠬᠢᠶᠠᠨ ᠪᠠᠶᠢᠭᠤᠯᠬᠤ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠷᠠᠳ ᠤᠯᠠᠨ ᠤ ᠰᠡᠳᠬᠢᠯ ᠢ ᠬᠠᠯᠠᠮᠵᠢᠯᠠᠭᠴᠢ᠂ ᠰᠡᠳᠬᠢᠯ ᠢ ᠳᠤᠯᠠᠭᠠᠴᠠᠭᠤᠯᠤᠭᠴᠢ᠂ ᠰᠡᠳᠬᠢᠯ ᠢ ᠮᠡᠳᠡᠭᠴᠢ ᠪᠤᠯᠪᠠ᠃      ᠲᠠᠷᠢᠶᠠᠯᠠᠩ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠰᠡᠳᠦᠪᠲᠦ ᠬᠥᠮᠦᠵᠢᠯ   ᠢ ︽ᠭᠦᠨᠴᠡ︾ ᠲᠠᠢ ᠪᠤᠯᠭᠠᠪᠠ      ︽ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠠᠴᠠ ᠴᠢᠶᠣᠤ ᠹᠦ᠋ ᠶᠢᠩ ᠲᠣᠰᠬᠤᠨ ᠤ ᠠᠷᠠᠳ ᠢᠷᠭᠡᠳ ᠤᠨ ᠲᠠᠷᠢᠶ᠎ᠠ ᠲᠠᠷᠢᠵᠤ ᠶᠠᠪᠤᠬᠤ ᠳᠤ ᠬᠦᠴᠢᠷ ᠪᠠᠶᠢᠬᠤ ᠠᠰᠠᠭᠤᠳᠠᠯ ᠢ ᠣᠨᠴᠠᠭᠠᠶᠢᠯᠠᠨ ᠴᠢᠬᠤᠯᠠᠴᠢᠯᠠᠨ ᠦᠵᠡᠪᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠᠷ ᠳᠠᠮᠵᠢᠭᠤᠯᠤᠨ᠂ ︽ᠨᠢᠭᠡ ᠬᠡᠷᠡᠭ ᠢ ᠨᠢᠭᠡ ᠵᠥᠪᠯᠡᠬᠦ︾ ᠢᠨᠵᠧᠨᠧᠷᠢᠩ   ᠢᠶᠠᠷ ᠳᠠᠮᠵᠢᠭᠤᠯᠤᠨ᠂ ᠪᠡᠯᠡ ᠮᠥᠩᠭᠦ ᠪᠣᠯᠣᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠡᠮᠡᠴᠡᠨ ᠣᠯᠵᠤ᠂ ᠮᠠᠨ ᠤ ᠠᠷᠠᠳ ᠢᠷᠭᠡᠳ ᠤᠨ ᠲᠠᠷᠢᠶ᠎ᠠ ᠲᠠᠷᠢᠵᠤ ᠭᠠᠳᠠᠭᠰᠢ ᠭᠠᠷᠬᠤ ᠳᠤ ᠬᠦᠴᠢᠷ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠡᠨᠡ ᠵᠢᠯ ᠤᠨ 10 ᠰᠠᠷ᠎ᠠ ᠳᠤ ᠨᠢᠭᠡᠨᠲᠡ ᠠᠵᠢᠯ ᠳᠠᠭᠤᠰᠬᠠᠭᠰᠠᠨ ᠨᠢ ᠠᠷᠠᠳ ᠢᠷᠭᠡᠳ ᠤᠨ ᠲᠠᠷᠢᠶᠠᠯᠠᠬᠤ ᠪᠠ ᠭᠠᠳᠠᠭᠰᠢ ᠭᠠᠷᠬᠤ ᠳᠤ ᠲᠤᠶᠢᠯ ᠤᠨ ᠶᠡᠭᠡ ᠳᠥᠭᠦᠮ ᠦᠵᠡᠭᠦᠯᠦᠭᠰᠡᠨ ᠪᠠᠶᠢᠨ᠎ᠠ︾ ᠭᠡᠵᠦ ᠴᠢᠶᠣᠤ ᠹᠦ᠋ ᠶᠢᠩ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠬᠡᠯᠡᠵᠡᠢ᠃ ᠣᠶᠢᠯᠠᠭᠠᠭᠰᠠᠨ ᠢᠶᠠᠷ᠂ ᠰᠢᠷ᠎ᠠ ᠤᠰᠤ ᠭᠤᠣᠯ ᠠᠴᠠ ᠪᠠᠷᠠᠭᠤᠨᠰᠢᠬᠢ ᠴᠢᠶᠣᠤ ᠹᠦ᠋ ᠶᠢᠩ ᠲᠣᠰᠬᠤᠨ ᠤ 3000 ᠭᠠᠷᠤᠢ ᠮᠦ ᠲᠠᠷᠢᠶᠠᠨ ᠭᠠᠵᠠᠷ ᠲᠠᠢ᠂ ᠣᠶᠢᠷ᠎ᠠ ᠶᠢᠨ ᠵᠢᠯ ᠤᠨ ᠲᠤᠷᠰᠢ ᠰᠢᠷ᠎ᠠ ᠤᠰᠤ ᠭᠤᠣᠯ ᠳᠤ ᠵᠢᠯ ᠪᠦᠷᠢ ᠤᠰᠤ ᠲᠠᠢ ᠪᠣᠯᠬᠤᠷ᠂ ᠠᠷᠠᠳ ᠢᠷᠭᠡᠳ ᠲᠠᠷᠢᠶ᠎ᠠ ᠲᠠᠷᠢᠬᠤ ᠳᠤ ᠲᠤᠩ ᠳᠥᠭᠦᠮ ᠦᠭᠡᠢ᠂ ᠢᠯᠠᠩᠭᠤᠶ᠎ᠠ ᠬᠠᠪᠤᠷ ᠤᠨ ᠤᠯᠠᠷᠢᠯ ᠳᠤ ᠲᠠᠷᠢᠶ᠎ᠠ ᠲᠠᠷᠢᠵᠦ ᠪᠣᠷᠳᠣᠭᠤᠷ ᠣᠷᠣᠭᠤᠯᠬᠤ ᠦᠶ᠎ᠡ ᠳᠤ ᠠᠷᠪᠠᠨ ᠬᠡᠳᠦᠨ ᠺᠢᠯᠤᠮᠥᠲᠷ ᠲᠣᠭᠤᠷᠢᠨ ᠶᠠᠪᠤᠵᠤ᠂ ᠭᠠᠳᠠᠭᠰᠢ ᠭᠠᠷᠬᠤ ᠳᠤ ᠲᠤᠩ ᠳᠥᠭᠦᠮ ᠦᠭᠡᠢ ᠪᠣᠯᠵᠠᠢ᠃ ᠴᠢᠶᠣᠤ ᠹᠦ᠋ ᠶᠢᠩ ᠲᠣᠰᠬᠤᠨ ᠤ ᠨᠠᠮ ᠤᠨ ᠡᠭᠦᠷ ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠠᠭᠤᠭᠠᠯᠢ ᠠᠷᠠᠳ ᠲᠤ ᠰᠡᠳᠬᠢᠯ ᠲᠠᠯᠪᠢᠨ ᠦᠢᠯᠡᠴᠢᠯᠡᠵᠦ᠂ ᠤᠯᠠᠨ ᠲᠦᠮᠡᠨ ᠤ ᠭᠠᠴᠢᠭᠳᠠᠨ ᠵᠣᠪᠠᠨᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃      ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ   ᠢ ︽ᠨᠠᠷᠢᠯᠢᠭ︾ ᠪᠤᠯᠭᠠᠪᠠ      ᠰᠤᠷᠪᠤᠯᠵᠢᠯᠠᠭᠴᠢ ᠣᠶᠢᠷ᠎ᠠ ᠳᠤ ᠬᠥ᠋ ᠴᠧᠩ ᠪᠠᠯᠭᠠᠰᠤᠨ ᠤ ᠨᠠᠨ ᠶᠤᠸᠠᠨ ᠽᠢ ᠵᠠᠰᠠᠭ ᠵᠠᠬᠢᠷᠭᠠᠨ ᠤ ᠲᠣᠰᠬᠤᠨ ᠤ ᠪᠠᠢ ᠲᠠ ᠼᠦᠨ ᠲᠣᠰᠬᠤᠨ ᠤ ᠵᠠᠩ ᠯᠠᠨ ᠤ ᠭᠡᠷ ᠲᠤ ᠬᠦᠷᠴᠦ ᠰᠤᠷᠪᠤᠯᠵᠢᠯᠠᠭᠰᠠᠨ ᠢᠶᠠᠷ᠂ ᠵᠠᠩ ᠯᠠᠨ ᠭᠡᠷ ᠤᠨ ᠬᠥᠮᠥᠰ ᠲᠠᠢ ᠪᠠᠨ ᠵᠣᠭᠤᠭᠳᠠᠬᠤ ᠶᠢᠨ ᠳᠠᠭᠠᠤ ᠰᠡᠳᠬᠢᠯ ᠳᠣᠭᠳᠣᠯᠤᠨ᠄ ︽ᠮᠠᠨ ᠤ ᠲᠣᠰᠬᠤᠨ ᠥᠩᠭᠡᠷᠡᠭᠰᠡᠨ ᠳᠤ 40 ᠮᠧᠲᠷ ᠭᠦᠨ ᠮᠠᠰᠢᠨ ᠬᠤᠳᠳᠤᠭ ᠤᠨ ᠤᠰᠤ ᠢᠳᠡᠵᠦ ᠪᠠᠶᠢᠪᠠ᠂ ᠤᠰᠤᠨ ᠤ ᠴᠢᠨᠠᠷ ᠨᠢ ᠪᠣᠯᠬᠤ ᠦᠭᠡᠢ ᠮᠥᠷᠲᠡᠭᠡᠨ ᠤᠯᠠᠷᠢᠯ ᠤᠨ ᠴᠢᠨᠠᠷᠲᠠᠢ ᠪᠠᠷ ᠤᠰᠤ ᠳᠤᠲᠠᠭᠳᠠᠵᠤ ᠪᠠᠶᠢᠵᠠᠢ᠃ ᠡᠨᠡ ᠵᠢᠯ ᠤᠨ 10 ᠳ᠋ᠤᠭᠠᠷ ᠰᠠᠷ᠎ᠠ ᠳᠤ᠂ ᠲᠣᠰᠬᠤᠨ ᠤ ᠨᠠᠮ ᠤᠨ ᠬᠤᠷᠢᠶ᠎ᠠ ᠪᠣᠯᠣᠨ ᠪᠠᠯᠭᠠᠰᠤᠨ ᠤ ᠨᠠᠮ ᠤᠨ ᠬᠤᠷᠢᠶ᠎ᠠ ᠶᠢᠨ ᠵᠣᠬᠢᠴᠠᠭᠤᠯᠭ᠎ᠠ ᠪᠠᠷ ᠳᠠᠮᠵᠢᠨ᠂ ᠳᠠᠷᠤᠯᠲᠠᠲᠤ ᠬᠥᠭᠡᠷᠭᠡ ᠶᠢᠨ ᠦᠷᠲᠡᠭᠡ ᠤᠭᠰᠠᠷᠠᠵᠤ᠂ ᠤᠰᠤ ᠬᠠᠳᠠᠭᠠᠯᠠᠬᠤ ᠴᠥᠭᠦᠷᠥᠮ ᠪᠠᠶᠢᠭᠤᠯᠪᠠ᠂ ᠤᠳᠤ ᠡᠳᠦᠷ ᠪᠦᠷᠢ ᠲᠣᠭᠲᠠᠭᠰᠠᠨ ᠴᠠᠭ ᠲᠤ ᠤᠰᠤ ᠲᠠᠯᠪᠢᠵᠤ ᠪᠠᠶᠢᠨ᠎ᠠ᠂ ᠤᠰᠤᠨ ᠤ ᠴᠢᠨᠠᠷ ᠮᠠᠰᠢ ᠰᠠᠶᠢᠨ᠂ ᠲᠤᠩᠭᠠᠯᠠᠭ ᠰᠠᠶᠢᠬᠠᠨ ᠦᠨᠦᠷ ᠠᠮᠲᠠ ᠲᠠᠢ ᠪᠠᠶᠢᠵᠤ᠂ ᠪᠢᠳᠡᠨ ᠳᠤ ᠦᠨᠡᠨᠬᠦ ᠨᠢᠭᠡᠨ ᠶᠡᠭᠡ ᠪᠣᠳᠠᠲᠠᠢ ᠶᠠᠪᠤᠳᠠᠯ ᠬᠢᠵᠦ ᠥᠭᠴᠡᠢ︾ ᠭᠡᠵᠦ ᠬᠡᠯᠡᠪᠡ᠃ ᠲᠣᠰ ᠲᠥᠷᠥᠯ ᠵᠦᠢᠯ ᠤᠨ ᠠᠵᠢᠯ ᠳᠠᠭᠤᠰᠤᠭᠰᠠᠨ ᠤ ᠳᠠᠷᠠᠭ᠎ᠠ ᠨᠠᠨ ᠶᠤᠸᠠᠨ ᠽᠢ ᠵᠠᠰᠠᠭ ᠵᠠᠬᠢᠷᠭᠠᠨ ᠤ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠪᠠ᠃      ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ᠭᠦᠨᠵᠡᠭᠡᠶᠢᠷᠡᠭᠦᠯᠵᠦ᠂ ᠭᠤᠣᠯ ᠰᠡᠳᠦᠪᠲᠦ ᠬᠥᠮᠦᠵᠢᠯ ᠢ ︽ᠬᠠᠯᠠᠭᠤᠨ ᠳᠤᠯᠠᠭᠠᠨ︾ ᠪᠤᠯᠭᠠᠪᠠ      ︽ᠤᠤᠯ ᠨᠢ ᠮᠠᠨ ᠤ ᠲᠣᠰᠬᠤᠨ ᠤ ᠵᠠᠮ ᠡᠩᠬᠦᠯ ᠳᠤᠩᠬᠤᠯ ᠪᠠᠶᠢᠭᠰᠠᠨ ᠠᠴᠠ ᠠᠷᠠᠳ ᠤᠯᠠᠨ ᠭᠠᠰᠠᠯᠠᠩ ᠤᠨ ᠲᠠᠭᠤᠨ ᠭᠠᠵᠠᠷ ᠰᠠᠢ ᠦᠭᠡᠢ ᠰᠣᠨᠣᠰᠳᠠᠵᠤ ᠪᠠᠶᠢᠪᠠ᠂ ᠲᠣᠰᠬᠤᠨ ᠤ ᠠᠷᠠᠳ ᠤᠨ ᠵᠥᠪᠯᠡᠯ ᠪᠣᠯᠣᠨ ᠪᠠᠯᠭᠠᠰᠤᠨ ᠤ ᠨᠠᠮ ᠤᠨ ᠬᠤᠷᠢᠶ᠎ᠠ ᠶᠢᠨ ᠵᠣᠬᠢᠴᠠᠭᠤᠯᠭ᠎ᠠ ᠪᠠᠷ ᠲᠠᠮᠵᠢᠨ ᠴᠢᠷᠮᠠᠶᠢᠨ ᠲᠡᠮᠡᠴᠡᠵᠦ᠂ ᠤᠳᠤ ᠡᠴᠦᠰ ᠲᠡᠭᠡᠨ ᠵᠠᠰᠠᠵᠤ ᠳᠠᠭᠤᠰᠬᠠᠪᠠ᠂ ᠪᠢᠳᠡᠨ ᠤ ᠶᠠᠪᠤᠵᠤ ᠰᠠᠭᠤᠬᠤ ᠳᠤ ᠴᠤ ᠲᠦᠭᠦᠮ ᠪᠣᠯᠵᠤ᠂ ᠲᠣᠰᠬᠤᠨ ᠤ ᠳᠦᠷᠢ ᠲᠥᠷᠬᠦ ᠴᠦ ᠳᠡᠭᠡᠭᠰᠢᠯᠡᠵᠡᠢ︾ ᠭᠡᠵᠦ ᠭᠦ᠋ ᠴᠧᠩ ᠪᠠᠯᠭᠠᠰᠤ ᠶᠢᠨ ᠭᠦ᠋ ᠴᠧᠩ ᠲᠣᠰᠬᠤᠨ ᠤ ᠠᠷᠠᠳ ᠯᠦ ᠳ᠋ᠡ ᠯᠦᠩ ᠰᠤᠷᠪᠤᠯᠵᠢᠯᠠᠭᠴᠢ ᠳᠤ ᠬᠡᠯᠡᠪᠡ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠭᠦ᠋ ᠴᠧᠩ ᠲᠣᠰᠬᠤᠨ ᠤ ᠨᠠᠮ ᠤᠨ ᠡᠭᠦᠷ ᠠᠷᠠᠳ ᠤᠨ ᠰᠠᠨᠠᠭ᠎ᠠ ᠶᠢ ᠴᠤᠭᠯᠠᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠣᠰᠬᠤᠨ ᠤ ᠠᠷᠠᠳ ᠤᠨ ᠵᠥᠪᠯᠡᠯ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠭᠦ᠋ ᠴᠧᠩ ᠪᠠᠯᠭᠠᠰᠤ ᠶᠢᠨ ᠭᠦ᠋ ᠴᠧᠩ ᠲᠣᠰᠬᠤᠨ ᠤ ᠭᠤᠣᠯ ᠵᠡᠭᠡᠯᠢ ᠭᠤᠳᠤᠮᠵᠢ ᠶᠢᠨ ᠵᠠᠮ ᠤᠨ ᠭᠠᠳᠠᠷᠭᠤ ᠶᠢ ᠬᠠᠲᠠᠭᠤᠷᠠᠭᠤᠯᠬᠤ ᠢᠨᠵᠧᠨᠧᠷᠢᠩ ᠢ ᠵᠢᠩᠬᠢᠨᠢ ᠪᠠᠷ ᠬᠡᠷᠡᠭᠵᠢᠭᠦᠯᠵᠦ᠂ ᠵᠠᠮ ᠤᠨ ᠭᠠᠳᠠᠷᠭᠤ ᠶᠢ ᠲᠣᠰᠬᠤᠨ ᠤ ᠠᠷᠠᠳ ᠤᠨ ᠭᠡᠷ ᠲᠡᠭᠡᠨ ᠬᠠᠷᠢᠬᠤ ᠵᠠᠮ ᠢᠶᠠᠷ ᠳᠡᠪᠢᠰᠦᠭᠰᠡᠨ ᠲᠡᠳᠦᠢ ᠦᠭᠡᠢ᠂ ᠨᠡᠩ ᠴᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠪᠠᠶᠠᠵᠢᠯ ᠤᠨ ᠵᠠᠮ ᠢᠶᠠᠷ ᠳᠡᠪᠢᠰᠦᠭᠰᠡᠨ ᠪᠠᠶᠢᠨ᠎ᠠ᠃ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠭᠦ᠋ ᠴᠧᠩ ᠪᠠᠯᠭᠠᠰᠤ ᠤ ᠭᠦ᠋ ᠴᠧᠩ ᠲᠣᠰᠬᠤᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ︽ᠬᠠᠯᠠᠭᠤᠨ︾ ᠢᠶᠠᠷ ᠭᠤᠣᠯ ᠰᠡᠳᠦᠪᠲᠦ ᠬᠥᠮᠦᠵᠢᠯ ᠤᠨ ︽ᠭᠦᠨᠴᠡ︾ ᠶᠢ ᠥᠷᠭᠡᠳᠬᠡᠵᠡᠢ᠃      ︽ᠭᠦ᠋ ᠴᠧᠩ ᠪᠠᠯᠭᠠᠰᠤᠨ ᠤ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠳᠤᠮᠳᠠ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠢᠮᠠᠭᠲᠠ ᠪᠠᠲᠤ ᠡᠵᠡᠮᠰᠢᠵᠦ᠂ ᠰᠤᠷᠤᠭᠰᠠᠨ ᠢᠶᠠᠨ ᠬᠡᠷᠡᠭᠯᠡᠬᠦ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠠᠮᠵᠢᠯᠲᠠ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ︾ ᠭᠡᠵᠦ ᠭᠦ᠋ ᠴᠧᠩ  ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ ᠯᠢᠦ ᠱᠠ ᠬᠡᠯᠡᠪᠡ᠃ ᠣᠶᠢᠯᠠᠭᠠᠭᠰᠠᠨ ᠢᠶᠠᠷ᠂ ᠭᠦ᠋ ᠴᠧᠩ ᠪᠠᠯᠭᠠᠰᠤᠨ ᠤ ᠨᠠᠮ ᠤᠨ ᠬᠤᠷᠢᠶ᠎ᠠ ᠶᠢᠨ ᠬᠢᠨ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠪᠤᠯᠵᠢᠯᠠᠬᠤ᠂ ᠶᠠᠷᠢᠯᠴᠠᠬᠤ ᠬᠤᠷᠠᠯ ᠬᠢᠵᠦ᠂ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ 13 ᠬᠡᠷᠡᠭ ᠶᠠᠪᠤᠳᠠᠯ ᠤᠨ 10 ᠬᠡᠷᠡᠭ ᠶᠠᠪᠤᠳᠠᠯ ᠢ ᠰᠢᠢᠳᠪᠦᠷᠢᠯᠡᠵᠦ ᠳᠠᠭᠤᠰᠬᠠᠭᠰᠠᠨ ᠪᠠᠶᠢᠨ᠎ᠠ᠃ ᠡᠭᠦᠨ ᠤ ᠵᠡᠷᠭᠡᠪᠡᠷ᠂ ︽ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾᠂ ︽ᠳᠡᠷᠭᠡᠳᠡᠬᠢ ᠦᠯᠢᠭᠡᠷ ᠳᠠᠭᠤᠷᠢᠶᠠᠯ ᠠᠴᠠ ᠰᠤᠷᠤᠯᠴᠠᠬᠤ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠨᠠᠮ ᠤᠨ ᠡᠭᠦᠷ ᠵᠢᠴᠢ ᠨᠠᠮ ᠤᠨ ᠭᠡᠰᠢᠭᠦᠨ ᠤ ᠤᠯᠠᠨ ᠲᠦᠮᠡᠨ ᠳᠤ ᠦᠢᠯᠡᠴᠢᠯᠡᠬᠦ ᠤᠬᠠᠮᠰᠠᠷ ᠢ ᠬᠦᠴᠦᠯᠡᠨ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠣᠰᠬᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠠᠢ᠃ ᠪᠠᠯᠭᠠᠰᠤᠨ ᠤ ᠨᠠᠮ ᠤᠨ ᠬᠤᠷᠢᠶ᠎ᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠵᠤ᠂ ᠠᠰᠠᠭᠤᠳᠠᠯ ᠢ ᠥᠷᠭᠡᠨ ᠢᠶᠠᠷ ᠭᠦᠨᠵᠡᠭᠡᠢ ᠪᠠᠶᠢᠴᠠᠭᠠᠵᠤ᠂ 6 ᠵᠤᠷᠪᠤᠰ ᠠᠰᠠᠭᠤᠳᠠᠯ ᠤᠨ ᠲᠣᠳᠣᠷᠬᠠᠢ ᠬᠠᠭᠤᠳᠠᠰᠤ ᠭᠠᠷᠭᠠᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠂ ᠴᠡᠭᠴᠡᠯᠡᠨ ᠥᠭᠡᠷᠡᠴᠢᠯᠡᠬᠦ ᠬᠠᠷᠠᠯᠲᠠ ᠵᠡᠷᠭᠡ ᠶᠢ ᠨᠢᠭᠡᠳ ᠨᠢᠭᠡ ᠪᠠᠷ ᠲᠣᠳᠣᠷᠬᠠᠢ ᠲᠣᠭᠲᠠᠭᠠᠵᠠᠢ᠃ ᠳᠠᠷᠠᠭᠠᠴᠢ ᠶᠢᠨ ᠠᠯᠬᠤᠮ ᠳᠤ᠂ ᠭᠦ᠋ ᠴᠧᠩ ᠪᠠᠯᠭᠠᠰᠤ ᠶᠢᠨ ᠨᠠᠮ ᠤᠨ ᠬᠤᠷᠢᠶ᠎ᠠ ᠦᠷᠭᠦᠯᠵᠢᠯᠡᠨ ᠭᠤᠣᠯ ᠰᠡᠳᠦᠪᠲᠦ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠬᠦ᠂ ᠳᠣᠲᠣᠭᠰᠢᠯᠠᠭᠤᠯᠬᠤ᠂ ᠬᠤᠪᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1