ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠳᠤᠯᠠᠪᠠ
ᠨᠡᠶᠢᠲᠡᠯᠡᠭᠰᠡᠨ ᠴᠠᠭ᠄
2023/12/12
      ᠢᠳᠡᠭᠡᠨ ᠤᠮᠳᠠᠭᠠᠨ ᠤ ᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠢ ᠰᠠᠶᠢᠲᠤᠷ ᠠᠳᠬᠤᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠢᠳᠡᠭᠡᠨ ᠶᠢᠨ  ᠠᠮᠦᠷ ᠲᠦᠪᠰᠢᠨ ᠢ ᠪᠠᠳᠤᠯᠠᠬᠤ ᠶᠢᠨ ᠲᠦᠯᠦᠭᠡ᠂ ᠮᠠᠨ ᠤ ᠰᠢᠶᠠᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠨᠠᠯᠲᠠ ᠬᠠᠮᠢᠶᠠᠷᠤᠯᠲᠠ ᠶᠢ ᠬᠤᠯᠪᠣᠯᠳᠤᠭᠤᠯᠬᠤ᠂ ᠲᠣᠭᠠᠴᠢᠯᠠᠨ ᠡᠨᠧᠷᠭᠢ ᠣᠯᠭᠤᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠠᠬᠢᠭᠤᠯᠤᠨ ᠪᠦᠷᠢᠯᠳᠦᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠳᠡᠭᠡᠭᠰᠢᠯᠡᠯᠲᠡ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃
     ᠬᠤᠶᠠᠷ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠣᠳᠣᠬᠠᠨ ᠳᠤ ᠮᠠᠨ ᠤ ᠰᠢᠶᠠᠨ ᠳᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠡᠶᠢᠲᠡ 620 ︵ᠵᠢᠵᠢᠭ ᠢᠳᠡᠭᠡᠨ ᠤᠮᠳᠠᠭᠠᠨ ᠪᠠᠭᠲᠠᠨ᠎ᠠ︶ ᠪᠠᠶᠢᠵᠤ᠂ ︽ᠢᠯᠡ ᠲᠤᠭᠤᠭᠠᠨ ᠭᠡᠷ︾ ᠶᠢᠨ ᠨᠣᠷᠮ᠎ᠠ ᠨᠢ 100% ᠪᠣᠯᠣᠨ᠎ᠠ᠃ ᠡᠭᠦᠨ ᠤ ᠬᠠᠮᠲᠤ ︽ᠢᠨᠲ᠋ᠧᠷ ᠰᠦᠯᠵᠢᠶ᠎ᠡ + ᠢᠯᠡ ᠲᠤᠭᠤᠭᠠᠨ ᠭᠡᠷ︾ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠵᠢᠭᠰᠠᠭᠠᠨ ᠪᠠᠶᠢᠴᠠᠭᠠᠵᠤ ᠡᠮᠬᠢᠯᠡᠵᠦ᠂ 83 ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠨᠢᠭᠡᠳᠦᠭᠡᠷ ᠪᠦᠯᠦᠭ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠲᠣᠭᠲᠠᠭᠠᠪᠠ᠃
     ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠣᠲᠣ ᠪᠣᠯᠲᠠᠯ᠎ᠠ᠂ ᠮᠠᠨ ᠤ ᠰᠢᠶᠠᠨ ᠤ ︽ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ 480 ᠪᠠᠶᠢᠵᠤ᠂ ᠡᠭᠦᠨ ᠳᠤ A ᠲᠠᠰ ᠤᠨ 74᠂ B ᠲᠠᠰ ᠤᠨ 339᠂ C ᠲᠠᠰ ᠤᠨ 26᠂ D ᠲᠠᠰ ᠤᠨ 41 ᠪᠣᠶ᠃ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ 3 ᠤᠳᠠᠭ᠎ᠠ ᠬᠤᠷᠠᠯᠳᠤᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠰᠢᠮᠳᠠᠭᠤᠯᠵᠤ ᠪᠠᠶᠢᠭᠠᠳ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠶᠢ ᠬᠢᠨᠠᠮᠠᠭᠠᠢ ᠬᠡᠷᠡᠭᠵᠢᠭᠦᠯᠦᠨ᠂ ᠥᠪᠡᠷ ᠢᠶᠠᠨ ᠪᠠᠶᠢᠴᠠᠭᠠᠭᠰᠠᠨ ᠨᠣᠷᠮ᠎ᠠ ᠶᠢ 100% ᠳᠤ ᠬᠦᠷᠦᠭᠦᠯᠪᠡ᠃      ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠬᠢᠨᠠᠯᠲᠠ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠶᠢ ᠴᠢᠩᠭᠠᠳᠬᠠᠨ᠎ᠠ᠃ ᠲᠥᠪᠯᠡᠷᠡᠭᠦᠯᠦᠨ ᠢᠳᠡᠵᠦ ᠪᠠᠶᠢᠭ᠎ᠠ ᠰᠤᠷᠭᠠᠭᠤᠯᠢ ᠶᠢᠨ ᠬᠤᠭᠤᠯᠠᠨ ᠭᠡᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ᠂ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠯᠠᠨ ᠭᠡᠷ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠬᠡᠮᠵᠢᠶ᠎ᠡ ᠪᠠᠷ ᠶᠡᠭᠡ ᠲᠣᠮᠣ ᠳᠤᠮᠳᠠ ᠬᠡᠯᠪᠡᠷᠢ ᠶᠢᠨ ᠵᠡᠷᠭᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠪᠠ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠲᠤᠰᠬᠠᠢ ᠠᠵᠢᠯᠯᠠᠭ᠎ᠠ ᠳᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠨᠡᠶᠢᠲᠡ 289 ᠡᠷᠦᠬᠡ ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 986 ᠬᠥᠮᠥᠨ ᠤᠳᠠᠭ᠎ᠠ ᠬᠥᠳᠡᠯᠭᠡᠵᠡᠢ᠃      ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠪᠠ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠪᠤᠷ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠢᠳᠡᠭᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠮ ᠰᠣᠭᠤᠭ ᠢ ᠲᠤᠰᠬᠠᠶᠢᠯᠠᠨ ᠴᠡᠭᠴᠡᠯᠡᠨ ᠵᠠᠰᠠᠬᠤ᠂ ᠰᠥᠨᠢ ᠶᠢᠨ ᠵᠠᠬ᠎ᠠ ᠳᠡᠯᠭᠡᠭᠦᠷ ᠤᠨ ᠢᠳᠡᠭᠡᠨ ᠤᠮᠳᠠᠭᠠᠨ ᠤ ᠲᠥᠷᠥᠯ ᠤᠨ ᠡᠵᠡᠩᠨᠡᠯᠲᠡ ᠶᠢᠨ ᠡᠷᠦᠬᠡ ᠵᠡᠷᠭᠡ ᠡᠯ᠎ᠡ ᠲᠥᠷᠥᠯ ᠤᠨ ᠲᠤᠰᠬᠠᠶᠢᠯᠠᠨ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠢᠳᠡᠭᠡᠨ ᠢ ᠲᠦᠷᠭᠡᠨ ᠪᠠᠶᠢᠴᠠᠭᠠᠨ ᠬᠡᠮᠵᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠡᠭᠦᠨ ᠤ ᠬᠠᠮᠲᠤ ᠬᠥᠳᠡᠭᠡ ᠲᠣᠰᠬᠤᠨ ᠤ ᠬᠠᠮᠲᠤ ᠶᠢᠨ ᠬᠤᠭᠤᠯᠠᠨ ᠤ ᠲᠤᠬᠠᠢ ᠲᠤᠰᠬᠠᠢ ᠰᠡᠳᠦᠪᠲᠦ ᠬᠤᠷᠠᠯ ᠤᠨ ᠪᠠᠶᠢᠷᠢᠯᠠᠭᠤᠯᠤᠯᠲᠠ ᠬᠢᠵᠦ᠂ ᠬᠥᠳᠡᠭᠡ ᠲᠣᠰᠬᠤᠨ ᠤ ᠬᠠᠮᠲᠤ ᠶᠢᠨ ᠬᠤᠭᠤᠯᠠᠨ ᠤ ᠬᠠᠩᠭᠠᠭᠴᠢᠳ ᠲᠤ ᠳᠠᠩᠰᠠᠯᠠᠭᠤᠯᠤᠨ ᠬᠠᠮᠢᠶᠠᠷᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠢᠳᠡᠭᠡᠨ ᠤᠮᠳᠠᠭᠠᠨ ᠤ ᠢᠳᠡᠭᠡᠨ ᠤ ᠠᠶᠤᠯᠭᠦᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ 1068 ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 2480 ᠬᠥᠮᠥᠨ ᠤᠳᠠᠭ᠎ᠠ ᠬᠥᠳᠡᠯᠭᠡᠵᠡᠢ᠃
     ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠷᠪᠠᠳᠠᠭᠢ ᠡᠲᠡᠭᠡᠳ ᠤᠨ ᠲᠠᠪᠴᠠᠩ ᠤᠨ ᠭᠤᠣᠯ ᠴᠣᠭᠴᠠ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠪᠠᠳᠠᠵᠤ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ᠠᠵᠢᠯᠲᠠᠨ ᠤ ᠪᠣᠯᠪᠠᠰᠤᠷᠠᠭᠤᠯᠤᠯ ᠵᠢᠴᠢ ᠰᠢᠯᠭᠠᠨ ᠬᠢᠨᠠᠬᠤ ᠶᠢ ᠴᠢᠩᠭᠠᠳᠬᠠᠵᠤ᠂ ᠰᠦᠯᠵᠢᠶᠡᠨ ᠳᠤ ᠣᠷᠣᠭᠰᠠᠨ ᠡᠵᠡᠩᠨᠡᠭᠴᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠷᠢ ᠴᠢᠳᠠᠮᠵᠢ᠂ ᠵᠥᠪᠰᠢᠶᠡᠷᠡᠯ ᠤᠨ ᠮᠡᠳᠡᠭᠡ ᠵᠠᠩᠭᠢ ᠵᠡᠷᠭᠡ ᠠᠭᠤᠯᠭ᠎ᠠ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠬᠤᠭᠤᠯᠠ ᠵᠠᠬᠢᠶᠠᠯᠠᠬᠤ ᠲᠠᠪᠴᠠᠩ ᠪᠠ ᠰᠦᠯᠵᠢᠶᠡᠨ ᠳᠤ ᠣᠷᠣᠭᠰᠠᠨ ᠨᠢᠭᠡᠴᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠪᠴᠠᠩ ᠤᠨ ᠳᠣᠲᠣᠷᠠᠬᠢ ᠡᠵᠡᠩᠨᠡᠭᠴᠢ ᠶᠢᠨ ︽ᠦᠨᠡᠮᠯᠡᠯ ᠢᠶᠠᠨ ᠦᠵᠡᠭᠦᠯᠵᠦ ᠪᠠᠷᠢᠮᠵᠢᠶ᠎ᠠ ᠪᠠᠨ ᠭᠡᠷᠡᠯᠲᠦᠭᠦᠯᠬᠦ︾ ᠶᠢ ᠪᠠᠲᠤᠯᠠᠬᠤ ᠶᠢᠨ ᠬᠠᠮᠲᠤ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ  ᠵᠢᠷᠤᠵᠦ ᠨᠤᠳᠠᠯᠠᠭᠤᠯᠪᠠ᠃      ᠢᠳᠡᠭᠡᠨ ᠤ ᠠᠶᠦᠯᠭᠦᠢ ᠶᠢᠨ ᠪᠣᠯᠪᠠᠰᠤᠷᠠᠭᠤᠯᠤᠯ ᠤᠬᠠᠭᠤᠯᠭ᠎ᠠ ᠶᠢ ᠢᠳᠡᠪᠬᠢᠲᠡᠢ ᠡᠷᠬᠢᠯᠡᠪᠡ᠃ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠪᠠ ᠰᠢᠯᠭᠠᠨ ᠬᠢᠨᠠᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠨᠢᠭᠡ ᠤᠳᠠᠭ᠎ᠠ ᠵᠣᠬᠢᠶᠠᠨ ᠪᠠᠶᠢᠭᠤᠯᠤᠨ ᠰᠢᠯᠭᠠᠨ ᠬᠢᠨᠠᠵᠤ᠂ ᠢᠳᠡᠭᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ 3 ᠤᠳᠠᠭ᠎ᠠ ᠬᠤᠷᠠᠯᠳᠤᠭᠤᠯᠵᠤ᠂ ᠨᠡᠶᠢᠲᠡ 650 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠪᠠ᠃ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠴᠢᠩᠭᠠᠷᠠᠭᠤᠯᠤᠨ᠂ ︽ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠬᠡᠷᠡᠭᠵᠢᠭᠦᠯᠬᠦ ᠳᠦᠷᠢᠮ᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠤᠨ ᠨᠠᠪᠲᠠᠷᠡᠭᠦᠯᠵᠦ᠂ ᠸᠢᠴᠠᠲ ᠤᠨ ᠨᠡᠶᠢᠲᠡ ᠶᠢᠨ ᠳ᠋ᠤᠭᠠᠷ᠂ ᠸᠢᠳᠢᠤ᠋ ᠵᠡᠷᠭᠡ ᠠᠷᠭ᠎ᠠ ᠪᠠᠷᠢᠯ ᠢ ᠠᠰᠢᠭᠯᠠᠨ᠂ ᠠᠵᠤ ᠠᠬᠤᠶᠢᠯᠠᠯ ᠳᠤ ᠣᠷᠣᠬᠤ᠂ ᠰᠤᠷᠭᠠᠭᠤᠯᠢ ᠳᠤ ᠣᠷᠣᠬᠤ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠪᠠ᠃      ᠣᠳᠣᠬᠠᠨ ᠪᠣᠯᠲᠠᠯ᠎ᠠ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠳᠤ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 957 ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 1180 ᠬᠥᠮᠥᠨ ᠤᠳᠠᠭ᠎ᠠ ᠬᠥᠳᠡᠯᠭᠡᠵᠦ᠂ 851 ᠲᠡᠷᠭᠡ ᠬᠥᠰᠬᠡ ᠬᠥᠳᠡᠯᠭᠡᠵᠦ ᠂ 66 ᠤᠳᠠᠭ᠎ᠠ ᠶᠢ ᠵᠠᠷᠯᠢᠭᠳᠠᠨ ᠵᠠᠯᠠᠷᠠᠭᠤᠯᠵᠤ᠂ 35 ᠬᠡᠷᠡᠭ ᠢ ᠬᠡᠷᠡᠭ ᠪᠣᠯᠭᠠᠨ ᠳᠡᠩᠰᠡᠯᠡᠵᠦ᠂ 32 ᠬᠡᠷᠡᠭ ᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠶᠠᠪᠤᠳᠠᠯ ᠢ ᠰᠢᠢᠳᠪᠦᠷᠢᠯᠡᠵᠦ ᠳᠠᠭᠤᠰᠬᠠᠪᠠ᠃ ᠵᠠᠯᠭᠠᠭᠠᠳ᠂ ᠮᠠᠨ ᠤ ᠲᠣᠪᠴᠢᠶ᠎ᠠ ᠠᠮᠤᠷ ᠲᠦᠪᠰᠢᠨ ᠤ ᠬᠤᠷᠢᠭ᠎ᠠ ᠱᠤᠭᠤᠮ ᠢ ᠦᠷᠭᠦᠯᠵᠢᠯᠡᠨ ᠰᠠᠬᠢᠵᠤ᠂ ᠪᠥᠬᠦ ᠰᠢᠶᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠣᠷᠴᠢᠨ ᠨᠥᠬᠦᠴᠡᠯ ᠢ ᠴᠡᠪᠡᠷᠰᠢᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1