ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠵᠦ ︽ᠨᠠᠷᠠᠲᠤ ᠲᠤᠰᠬᠠᠢ ᠮᠡᠷᠭᠡᠵᠢᠯ︾ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2023/12/13
      ᠣᠶᠢᠷ᠎ᠠ ᠶᠢᠨ ᠵᠢᠯ ᠤᠳ ᠲᠤ᠂ ᠬᠥᠬᠡᠬᠤᠲᠠ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢᠶᠠᠨ ᠦᠷᠭᠦᠯᠵᠢᠯᠡᠨ ᠥᠷᠭᠡᠳᠬᠡᠵᠦ᠂ ᠣᠷᠣᠨ ᠤ ᠭᠠᠳᠠᠨᠠᠬᠢ ᠡᠮᠴᠢᠯᠡᠭᠡᠨ ᠤ ᠡᠬᠢ ᠪᠠᠶᠠᠯᠢᠭ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠶᠢᠨ ︽ᠨᠠᠷᠠᠲᠤ ᠲᠤᠰᠬᠠᠢ ᠮᠡᠷᠭᠡᠵᠢᠯ︾ ᠤᠨ ᠪᠦᠲᠦᠭᠡᠨ ᠪᠠᠶᠢᠭᠤᠯᠤᠯᠲᠠ ᠶᠢ ᠵᠠᠯᠭᠠᠭ᠎ᠠ ᠪᠠᠷ ᠡᠬᠢᠯᠡᠭᠦᠯᠵᠦ᠂ ᠪᠥᠬᠦ ᠬᠤᠲᠠ ᠶᠢᠨ ᠰᠢᠶᠠᠨ ᠤ ᠬᠡᠪᠴᠢᠶᠡᠨ ᠳᠤ ᠡᠮᠨᠡᠭᠦᠯᠬᠦ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ︽ᠵᠣᠯ ᠵᠢᠷᠭᠠᠯ ᠤᠨ ᠨᠠᠷᠢᠨ ᠲᠠᠩᠰᠠ︾ ᠶᠢᠨ ᠰᠢᠷᠢᠰ ᠮᠡᠳᠡᠭᠡᠯᠡᠯ ᠠᠴᠠ ᠦᠵᠡᠪᠡᠯ᠂ ᠥᠨᠥᠳᠥᠷ ᠪᠢᠳᠡ ᠬᠤᠰᠢᠭᠤ ᠰᠢᠶᠠᠨ ᠲᠣᠭᠤᠷᠢᠭ ᠤᠨ ᠡᠭᠦᠳᠡᠨ ᠳᠠᠬᠢ ︽ᠲᠤᠰᠬᠠᠢ ᠰᠠᠯᠠᠭᠠᠨ ᠤ ᠡᠭᠦᠳᠡᠨ ᠡᠮᠨᠡᠯᠭᠡ︾ ᠳᠤ ᠠᠩᠬᠠᠷᠤᠯ ᠢᠶᠠᠨ ᠲᠥᠪᠯᠡᠷᠡᠭᠦᠯᠬᠦ ᠪᠣᠯᠣᠨ᠎ᠠ᠃
      ᠰᠤᠷᠪᠤᠯᠵᠢᠯᠠᠭᠴᠢ᠄ ᠣᠷᠣᠨ ᠤ ᠭᠠᠳᠠᠨᠠᠬᠢ ᠴᠢᠨᠠᠷ ᠰᠠᠶᠢᠲᠠᠢ ᠲᠤᠰᠬᠠᠢ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠬᠤ ᠪᠣᠯ ᠣᠷᠣᠨ ᠤ ᠲᠥᠪ ᠠᠴᠠ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠬᠤ︾ ᠠᠰᠠᠭᠤᠳᠠᠯ ᠢ ᠨᠠᠮᠳᠠᠭᠤᠯᠬᠤ ᠶᠢᠨ ᠲᠥᠯᠥᠭᠡ ᠭᠠᠷᠭᠠᠭᠰᠠᠨ ᠡᠮ ᠤᠨ ᠵᠣᠷ ᠮᠥᠨ᠃ ᠪᠢ ᠣᠲᠣ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠪᠠᠶᠢᠨ᠎ᠠ᠂ ᠨᠠᠷᠠᠲᠤ ᠲᠤᠰᠬᠠᠢ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠨᠢ ︽ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠬᠤᠲᠠ ᠪᠠ ᠬᠤᠰᠢᠭᠤ ᠰᠢᠶᠠᠨ ᠲᠣᠭᠤᠷᠢᠭ ᠲᠤ ᠰᠢᠢᠳᠪᠦᠷᠢᠯᠡᠬᠦ︾ ᠬᠠᠷᠠᠯᠲᠠ ᠶᠢ ᠪᠡᠶᠡᠯᠡᠭᠦᠯᠵᠦ ᠳᠡᠶᠢᠯᠬᠦ ᠡᠰᠡᠬᠦ ᠶᠢ ᠪᠢᠳᠡ ᠬᠠᠮᠲᠤ ᠪᠠᠷ ᠣᠶᠢᠯᠠᠭᠠᠶ᠎ᠠ᠃
     ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠡᠮᠴᠢ ᠸᠠᠩ ᠴᠠᠩ ᠶᠠᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠣᠷᠭᠢᠯ ᠦᠶ᠎ᠡ ᠳᠤ ᠪᠠᠶᠢᠭ᠎ᠠ ᠪᠣᠯᠪᠠᠴᠤ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠬᠡᠦᠬᠡᠳ ᠤᠨ ᠡᠮᠨᠡᠯᠭᠡ ᠶᠢᠨ ᠰᠠᠯᠠᠭ᠎ᠠ ᠡᠮᠬᠢ ᠳᠢᠭᠯᠢᠮ ᠲᠠᠢ ᠪᠠᠶᠢᠵᠤ᠂ ᠢᠯᠠᠩᠭᠤᠶ᠎ᠠ ᠪᠡᠭᠡᠵᠢᠩ ᠠᠴᠠ ᠢᠷᠡᠭᠰᠡᠨ ᠲᠤᠰᠬᠠᠢ ᠮᠡᠷᠭᠡᠵᠢᠯ ᠤᠨ ᠡᠮᠴᠢ ᠶᠢᠨ ᠳᠡᠮᠵᠢᠯᠭᠡ ᠶᠢ ᠣᠯᠵᠤ᠂ ᠡᠨᠡ ᠬᠦ ᠡᠮᠬᠢ ᠳᠢᠭᠯᠢᠮ ᠢ ᠨᠠᠩ ᠠᠭᠤᠵᠢᠭᠤ ᠲᠠᠯᠪᠢᠭᠤᠨ ᠪᠣᠯᠭᠠᠵᠠᠢ᠃      ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠯᠤᠭ᠎ᠠ ᠶᠢᠨ ᠣᠷᠳᠣ ᠬᠤᠭᠤᠴᠠᠭᠠᠨ ᠤ ᠬᠠᠪᠰᠤᠷᠤᠨ ᠲᠡᠳᠬᠦᠬᠦ ᠬᠠᠷᠢᠴᠠᠭ᠎ᠠ ᠪᠠᠷ ᠳᠡᠮᠵᠢᠨ᠂ ᠡᠮᠴᠢᠯᠡᠭᠡᠨ ᠤ ᠨᠡᠯᠢᠶᠡᠳ ᠲᠤᠷᠰᠢᠯᠭ᠎ᠠ ᠲᠠᠢ ᠡᠮᠴᠢ ᠨᠠᠷ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠵᠠᠯᠭᠠᠭ᠎ᠠ ᠪᠠᠷ ᠢᠷᠡᠵᠦ᠂ ᠬᠡᠦᠬᠡᠳ ᠤᠨ ᠡᠮᠨᠡᠯᠭᠡ ᠶᠢᠨ ᠰᠠᠯᠠᠭ᠎ᠠ ᠨᠢ ᠠᠳᠡᠬᠢ ᠨᠡᠷ᠎ᠡ ᠴᠤᠤᠲᠠᠢ ᠡᠮᠨᠡᠯᠭᠡ ᠶᠢᠨ ᠲᠠᠰᠤᠭ ᠪᠣᠯᠤᠭᠰᠠᠨ ᠪᠥᠭᠡᠳ ᠨᠠᠩ ᠣᠯᠠᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠥᠷᠭᠡᠳᠬᠡᠨ᠂ ᠨᠠᠩ ᠣᠯᠠᠨ ︽ᠨᠠᠷᠠᠲᠤ ᠲᠤᠰᠬᠠᠢ ᠮᠡᠷᠭᠡᠵᠢᠯ︾ ᠢ ᠪᠣᠶᠢᠵᠢᠭᠤᠯᠬᠤ ᠱᠠᠲᠤᠨ ᠳᠤ ᠣᠷᠣᠭᠤᠯᠤᠭᠰᠠᠨ ᠪᠠᠶᠢᠨ᠎ᠠ᠃ ᠳᠥᠷᠪᠡᠳᠦᠭᠡᠷ ᠰᠠᠷ᠎ᠠ ᠠᠴᠠ ᠡᠬᠢᠯᠡᠨ᠂ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭᠠᠨ ᠤ ᠬᠢᠨ ᠪᠠᠰᠠ ᠣᠷᠣᠨ ᠤ ᠳᠣᠲᠣᠷᠠᠬᠢ᠂ ᠬᠤᠳᠠ ᠶᠢᠨ ᠳᠣᠲᠣᠷᠠᠬᠢ ᠠᠯᠳᠠᠷᠲᠤ ᠡᠮᠴᠢ ᠶᠢ ᠤᠷᠢᠨ ᠰᠠᠭᠤᠯᠭᠠᠵᠤ ᠡᠮᠨᠡᠭᠦᠯᠦᠭᠡᠳ᠂ ᠦᠳᠲᠡᠷ ᠲᠦᠷᠭᠡᠨ ᠦᠰᠦᠨ ᠪᠣᠶᠢᠵᠢᠭᠰᠠᠨ ᠪᠠᠶᠢᠨ᠎ᠠ᠃      ᠤᠤᠯ ᠤᠨ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠶᠠᠩ ᠵᠢᠶᠦ᠋ᠨ ᠴᠢᠶᠠᠩ᠄ ᠨᠢᠭᠡᠳᠦᠭᠡᠷ ᠲᠤ᠂ ᠪᠢᠳᠡ ᠡᠮᠴᠢᠯᠡᠬᠦ ᠪᠠᠷ ᠢᠷᠡᠭᠰᠡᠨ ᠤ ᠳᠠᠷᠠᠭ᠎ᠠ ᠨᠢᠭᠡ ᠪᠦᠯᠦᠭ ᠡᠪᠡᠳᠴᠢᠲᠡᠨ ᠬᠥᠬᠡᠬᠤᠲᠠ ᠳᠤ ᠣᠴᠢᠬᠤ ᠬᠡᠷᠡᠭ ᠦᠭᠡᠢ ᠪᠤᠯᠵᠠᠢ᠂ ᠵᠠᠷᠢᠮ ᠣᠨᠴᠠᠭᠠᠶ ᠠᠰᠠᠭᠤᠳᠠᠯ ᠳᠤ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠣᠴᠢᠬᠤ ᠴᠢᠬᠤᠯᠠᠲᠠᠢ ᠪᠣᠯ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠣᠴᠢᠵᠤ᠂ ᠪᠢᠳᠡ ᠬᠡᠵᠢᠶ᠎ᠡ ᠴᠦ ᠭᠡᠰᠡᠨ ᠰᠢᠯᠵᠢᠭᠦᠯᠦᠨ ᠡᠮᠨᠡᠭᠦᠯᠵᠦ ᠪᠣᠯᠣᠨ᠎ᠠ ᡽ ᠬᠤᠶᠠᠳᠤᠭᠠᠷ ᠲᠤ᠂ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠴᠤ ᠵᠢᠷᠤᠮᠵᠢᠭᠤᠯᠤᠨ ᠡᠮᠨᠡᠭᠦᠯᠦᠨ᠎ᠡ᠂ ᠡᠭᠦᠨ ᠤ ᠬᠠᠮᠲᠤ ᠮᠠᠳᠠᠭ ᠲᠠᠢ ᠡᠪᠡᠳᠴᠢᠲᠡᠨ ᠲᠠᠢ ᠲᠠᠭᠠᠷᠠᠯᠳᠤᠪᠠᠯ ᠪᠢᠳᠡ ᠬᠠᠮᠲᠤ ᠪᠠᠷ ᠶᠠᠷᠢᠯᠴᠠᠵᠤ ᠪᠣᠯᠣᠨ᠎ᠠ᠃
     ᠵᠢᠯ ᠪᠦᠷᠢ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ ᠠᠳᠠᠯᠢ ᠪᠤᠰᠤ ᠲᠤᠰᠬᠠᠢ ᠮᠡᠷᠭᠡᠵᠢᠯ ᠠᠴᠠ ᠢᠷᠡᠭᠰᠡᠨ 6 ᠨᠠᠷᠠᠲᠤ ᠡᠮᠴᠢ ᠣᠷᠳᠣ ᠬᠤᠭᠤᠴᠠᠭ᠎ᠠ ᠪᠠᠷ ᠰᠠᠭᠤᠵᠤ᠂ ᠣᠷᠣᠨ ᠤ ᠳᠣᠲᠣᠷ᠎ᠠ ᠭᠠᠳᠠᠨᠠᠬᠢ 40 ᠭᠠᠷᠤᠢ ᠨᠠᠷᠠᠲᠤ ᠲᠤᠰᠬᠠᠢ ᠮᠡᠷᠭᠡᠵᠢᠯᠲᠡᠨ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠶᠢᠨ ᠬᠤᠪᠢ ᠪᠠᠷ ᠦᠨᠳᠦᠰᠦᠨ ᠱᠠᠲᠤᠨ ᠳᠤ ᠪᠠᠭᠤᠵᠦ᠂ ᠵᠢᠭᠠᠨ ᠰᠤᠷᠭᠠᠯᠲᠠ ᠶᠢᠨ ᠥᠷᠥᠭᠡ ᠪᠠᠶᠢᠴᠠᠭᠠᠬᠤ᠂ ᠮᠡᠰᠡ ᠵᠠᠰᠠᠯ ᠤᠨ ᠦᠵᠡᠭᠦᠯᠦᠨ ᠵᠢᠭᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠵᠦᠢᠯ ᠤᠨ ᠮᠡᠷᠭᠡᠵᠢᠯ ᠤᠨ ᠬᠤᠭᠤᠰᠤᠨ ᠢ ᠵᠠᠯᠭᠠᠭ᠎ᠠ ᠪᠠᠷ ᠨᠥᠬᠦᠪᠦᠷᠢᠯᠡᠵᠦ᠂ ᠬᠤᠶᠠᠳᠤᠭᠠᠷ ᠳᠡᠰ ᠤᠨ ᠰᠠᠯᠠᠭ᠎ᠠ ᠲᠠᠰᠤᠭ ᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃
     ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ ᠯᠢ ᠶᠤᠸᠠᠢ ᠸᠠᠩ᠄ ᠣᠶᠢᠷ᠎ᠠ ᠶᠢᠨ ᠵᠢᠯ ᠠᠴᠠ ᠨᠠᠰᠢ᠂ ᠪᠢᠳᠡ ᠲᠦᠷᠭᠡᠨ ᠡᠮᠨᠡᠬᠦ ᠲᠦᠷᠭᠡᠨ ᠠᠪᠤᠷᠠᠬᠤ ᠲᠠᠪᠤᠨ ᠶᠡᠭᠡ ᠲᠥᠪ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠠᠴᠤᠷᠠᠭ ᠵᠠᠰᠠᠯ ᠤᠨ ᠰᠠᠯᠠᠭ᠎ᠠ᠂ ᠴᠥᠮ᠎ᠡ ᠶᠢᠨ ᠰᠢᠨᠵᠢᠯᠡᠬᠦ ᠤᠬᠠᠭᠠᠨ ᠤ ᠰᠠᠯᠠᠭ᠎ᠠ᠂ ᠬᠠᠪᠤᠳᠠᠷ ᠤᠨ ᠳᠣᠲᠣᠷ ᠰᠠᠯᠠᠭ᠎ᠠ᠂ ᠵᠢᠷᠦᠬᠡ ᠴᠢᠰᠤᠨ ᠰᠤᠳᠠᠯ ᠤᠨ ᠰᠠᠯᠠᠭ᠎ᠠ᠂ ᠬᠤᠪᠢᠷᠠᠮᠠᠯ ᠤᠷᠪᠠᠯ ᠤᠨ ᠰᠠᠯᠠᠭ᠎ᠠ᠂ ᠬᠡᠷᠦᠬᠦ ᠡᠪᠡᠳᠴᠢᠨ ᠤ ᠡᠭᠡᠯᠢᠯᠡᠭᠡ ᠶᠢᠨ ᠰᠠᠯᠠᠭ᠎ᠠ᠂ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠶᠢ ᠰᠢᠨ᠎ᠡ ᠪᠠᠷ ᠨᠡᠮᠡᠵᠦ᠂ ᠠᠷᠠᠳ ᠤᠯᠠᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃
     ᠬᠥᠬᠡᠬᠤᠲᠠ ᠶᠢᠨ ᠦᠷᠭᠦᠯᠵᠢᠯᠡᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠳᠣᠷᠣᠭᠰᠢ ᠪᠠᠭᠤᠯᠭᠠᠬᠤ ᠨᠢ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠠᠰᠢᠭ ᠬᠦᠷᠲᠡᠭᠡᠬᠦ ᠪᠠᠷ ᠪᠠᠷᠠᠬᠤ ᠦᠭᠡᠢ᠂ ︽ᠬᠥᠬᠡᠬᠤᠲᠠ ᠶᠢᠨ ᠰᠢᠶᠠᠨ ᠤ ᠱᠠᠲᠤᠨ ᠤ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠶᠠᠭ ᠡᠯ᠎ᠡ ᠲᠤᠰᠬᠠᠢ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠣᠶ᠄ ᠰᠢᠨ᠎ᠡ ᠬᠤᠲᠠ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ᠶᠢᠨ ᠡᠷᠡᠭᠦᠯᠵᠢᠯ ᠤᠨ ᠰᠠᠯᠠᠭ᠎ᠠ ᠶᠢᠨ ᠡᠭᠦᠳᠡᠨ ᠡᠮᠨᠡᠯᠭᠡ ᠵᠡᠷᠭᠡ 20 ᠨᠠᠷᠠᠲᠤ ᠲᠤᠰᠬᠠᠢ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠦᠨ᠎ᠡ᠃ ᠲᠣᠭᠲᠠᠬᠤ ᠰᠢᠶᠠᠨ ᠤ ᠤᠷᠢᠳᠴᠢᠯᠡᠨ  ᠬᠦᠳᠡᠯᠦᠭᠰᠡᠨ ᠠᠴᠠ ᠪᠢᠳᠡ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠪᠦᠲᠦᠮᠵᠢᠲᠡᠶ ᠵᠠᠮ ᠢ ᠣᠯᠵᠤ ᠬᠠᠷᠠᠯ᠎ᠠ᠃      ᠰᠤᠷᠪᠤᠯᠵᠢᠯᠠᠭᠴᠢ᠄ ᠲᠤᠭᠳᠠᠬᠤ ᠰᠢᠶᠠᠨ ᠤ ᠡᠮᠨᠡᠯᠭᠡ   ᠶᠢᠨ ᠬᠤᠷᠢᠶᠠᠨ ᠳᠤ ᠨᠢᠭᠡᠨᠲᠡ ᠪᠠᠶᠢᠭᠤᠯᠤᠭᠰᠠᠨ ᠪᠠ ᠶᠠᠭ ᠪᠠᠶᠢᠭᠤᠯᠵᠤ ᠪᠠᠶᠢᠭ᠎ᠠ ᠨᠡᠷᠡᠲᠦ ᠲᠤᠰᠬᠠᠢ ᠰᠠᠯᠠᠭᠠᠨ ᠤ ᠡᠭᠦᠳᠡᠨ ᠡᠮᠨᠡᠯᠭᠡ ᠳᠤ ᠶᠠᠰᠤᠨ ᠤ ᠰᠠᠯᠠᠭ᠎ᠠ᠂ ᠨᠢᠷᠠᠢ ᠬᠡᠦᠬᠡᠳ ᠤᠨ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠬᠥᠩᠭᠡᠵᠢᠭᠦᠯᠬᠦ ᠰᠠᠯᠠᠭ᠎ᠠ ᠵᠡᠷᠭᠡ ᠪᠤᠶ᠂ ᠡᠨᠡ ᠵᠢᠯ ᠤᠨ ᠡᠬᠢᠨ ᠠᠴᠠ ᠣᠳᠣ ᠪᠣᠯᠲᠠᠯ᠎ᠠ ᠲᠤᠬᠠᠢ ᠶᠢᠨ ᠭᠠᠵᠠᠷ ᠤᠨ 7500 ᠭᠠᠷᠤᠢ ᠰᠠᠭᠤᠭᠠᠯᠢ ᠠᠷᠠᠳ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠭᠥᠷᠳᠡᠵᠦ ᠪᠠᠶᠢᠨ᠎ᠠ᠃ ᠡᠶᠢᠮᠦᠷᠬᠦ ᠡᠮ ᠡᠮᠨᠡᠯᠭᠡ ᠶᠢᠨ ᠲᠥᠬᠦᠮ ᠨᠥᠬᠦᠴᠡᠯ ᠨᠢ ᠨᠢᠭᠡᠨᠲᠡ ᠣᠷᠣᠨ ᠤ ᠲᠥᠪ ᠤᠨ ᠨᠠᠩ ᠣᠯᠠᠨ ᠬᠤᠲᠠ ᠶᠢᠨ ᠠᠷᠠᠳ ᠲᠤ ᠠᠰᠢᠭ ᠲᠤᠰᠠ ᠬᠦᠷᠲᠡᠭᠡᠭᠰᠡᠨ ᠪᠠᠶᠢᠨ᠎ᠠ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠨᠡᠯᠭᠡ ᠶᠢᠨ ᠶᠠᠪᠤᠳᠠᠯ ᠤᠨ ᠰᠠᠯᠠᠭᠠᠨ ᠤ ᠳᠠᠷᠤᠭ᠎ᠠ᠄ ᠪᠢᠳᠡ ᠪᠣᠯ ᠵᠣᠷᠢᠯᠭ᠎ᠠ ᠲᠠᠢ᠂ ᠭᠤᠣᠯᠳᠠᠯᠭ᠎ᠠ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠰᠠᠯᠠᠭ᠎ᠠ ᠲᠠᠰᠤᠭ ᠤᠨ ᠬᠥᠭᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠵᠦ ᠪᠠᠶᠢᠨ᠎ᠠ᠂ ᠪᠠᠰᠠ ᠭᠠᠳᠠᠭᠰᠢ ᠤᠯᠠᠮᠵᠢᠯᠠᠬᠤ ᠨᠣᠷᠮ᠎ᠠ ᠪᠠᠷ ᠥᠨᠳᠥᠷ ᠡᠮᠴᠢᠯᠡᠭᠡᠨ ᠤ ᠰᠠᠯᠠᠭ᠎ᠠ ᠲᠠᠰᠤᠭ ᠲᠠᠢ ᠤᠶᠠᠯᠳᠤᠭᠤᠯᠤᠨ᠂ ᠢᠯᠠᠩᠭᠤᠶ᠎ᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠮᠡᠲᠦ ᠶᠢᠨ ᠡᠪᠡᠳᠴᠢᠨ ᠣᠯᠠᠨ ᠡᠭᠦᠰᠬᠦ ᠡᠪᠡᠳᠴᠢᠨ ᠳᠤ ᠴᠢᠭᠯᠡᠭᠦᠯᠦᠨ᠂ ᠲᠤᠰᠬᠠᠢ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠢᠵᠦ᠂ ᠬᠥᠬᠡᠬᠤᠲᠠ ᠶᠢᠨ ᠵᠣᠭᠰᠣᠴᠠ ᠠᠴᠠ ᠨᠢᠭᠡᠳᠦᠯᠲᠡᠢ ᠲᠥᠯᠥᠪᠵᠢᠭᠦᠯᠪᠡᠯ᠂ ᠳᠠᠪᠬᠤᠷᠳᠠᠭᠤᠯᠤᠨ ᠪᠡᠯᠡ ᠣᠷᠣᠭᠤᠯᠬᠤ ᠠᠴᠠ ᠵᠠᠶᠢᠯᠠᠰᠬᠢᠵᠦ᠂ ᠠᠷᠠᠳ ᠣᠯᠠᠨ ᠤ ᠡᠪᠡᠳᠴᠢᠨ ᠦᠵᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ ᠴᠢᠳᠠᠨ᠎ᠠ ᠭᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1