ᠲᠤᠭᠳᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠤᠯᠪᠤᠭᠠᠯᠠᠨ ᠲᠠᠭᠠᠭᠠᠴᠢᠯᠠᠭᠰᠠᠨ ᠨᠡᠶᠢᠭᠡᠮ ᠲᠣᠭᠤᠷᠢᠭ ᠲᠤ ᠬᠦᠷᠴᠦ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/12/14
      ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠤᠭᠳᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨᠤᠯ ᠰᠤᠷᠤᠯᠴᠠᠬᠤ᠂ ᠠᠵᠢᠯ ᠬᠢᠵᠦ ᠦᠢᠯᠡᠰ ᠪᠣᠰᠬᠠᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠪᠤᠯᠵᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠤᠯᠠᠨ ᠢ ᠦᠨᠡᠨᠬᠦ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠴᠡᠢ᠃      ᠣᠶᠢᠷ᠎ᠠ ᠳᠤ᠂ ᠲᠤᠭᠳᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ  ᠵᠦᠪᠯᠡᠯ ᠬᠤᠯᠪᠤᠭᠠᠯᠠᠨ ᠲᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠨᠠᠨ ᠫᠢᠩ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠨᠢᠭᠡ ᠶᠠᠳᠠᠭᠤ ᠬᠦᠴᠢᠷᠳᠡᠯᠲᠡᠢ ᠡᠷᠦᠬᠡ ᠶᠢ ᠲᠣᠬᠤᠨᠢᠭᠤᠯᠵᠠᠢ᠃ ᠣᠶᠢᠯᠠᠭᠠᠭᠰᠠᠨ ᠢᠶᠠᠷ᠂ ᠲᠣᠰ ᠬᠦᠴᠢᠷᠳᠡᠯ ᠲᠠᠢ ᠡᠷᠦᠬᠡ ᠶᠢᠨ ᠭᠡᠷ ᠪᠦᠯᠢ ᠶᠢᠨ ᠪᠠᠶᠢᠳᠠᠯ ᠨᠡᠯᠢᠶᠡᠳ ᠪᠤᠳᠤᠯᠢᠶᠠᠨᠲᠠᠢ ᠪᠠᠶᠢᠨ᠎ᠠ᠃ ᠣᠮᠪᠣᠯᠣ ᠨᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ ᠳᠤ᠂ ᠡᠴᠢᠭᠡ ᠨᠢ ᠬᠤᠣᠷ ᠲᠠᠲᠠᠭᠰᠠᠨ ᠠᠴᠠ ᠪᠣᠯᠵᠤ ᠣᠲᠣ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠨᠢ ᠵᠣᠭᠰᠤᠭᠠᠬᠤ ᠪᠠᠷ ᠪᠠᠶᠢᠨ᠎ᠠ᠂ ᠡᠬᠡ ᠨᠢ ᠨᠢᠭᠡᠨᠲᠡ ᠭᠠᠷᠴᠤ ᠶᠠᠪᠤᠵᠠᠢ᠂ ᠣᠮᠪᠣᠯᠣ ᠪᠠᠨ ᠡᠪᠦᠭᠡ ᠡᠮᠡᠭᠡ ᠨᠢ ᠥᠰᠬᠡᠨ ᠪᠣᠶᠢᠵᠢᠭᠤᠯᠵᠠᠢ᠂ ᠲᠦᠷᠦᠭᠦᠬᠡᠨ ᠡᠮᠡᠭᠡ ᠨᠢ ᠠᠭᠤᠰᠬᠢᠨ ᠤ ᠥᠮᠡᠨ ᠢ ᠨᠢ ᠪᠠᠶᠢᠴᠠᠭᠠᠵᠤ ᠭᠠᠷᠭᠠᠭᠠᠳ ᠡᠮᠨᠡᠯᠭᠡ ᠳᠤ ᠡᠮᠨᠡᠭᠦᠯᠵᠦ ᠪᠠᠶᠢᠨ᠎ᠠ᠃ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠺᠠᠳ᠋ᠷ ᠠᠵᠢᠯᠲᠠᠨ ᠠᠵᠢᠯᠴᠢᠨ ᠬᠦᠴᠢᠷᠳᠡᠯ ᠲᠠᠢ ᠤᠯᠠᠨ ᠲᠦᠮᠡᠨ ᠳᠤ ᠭᠤᠯᠢᠷ ᠪᠤᠳᠠᠭ᠎ᠠ ᠬᠦᠷᠭᠡᠵᠦ᠂ ᠲᠡᠳᠡᠨ ᠤ ᠠᠮᠢᠳᠤᠷᠠᠯ ᠤᠨ ᠣᠳᠣᠬᠢ ᠪᠠᠶᠢᠳᠠᠯ ᠢ ᠣᠶᠢᠯᠠᠭᠠᠬᠤ ᠶᠢᠨ ᠬᠠᠮᠲᠤ ᠨᠡᠶᠢᠭᠡᠮ ᠲᠣᠭᠤᠷᠢᠭ ᠤᠨ ᠬᠢᠨ ᠲᠤᠰ ᠬᠦᠴᠢᠷᠳᠡᠯ ᠲᠠᠢ ᠤᠯᠠᠨ ᠲᠦᠮᠡᠨ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠡᠳᠡᠨ ᠢ ᠬᠠᠪᠰᠤᠷᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠭᠤᠯᠵᠤ᠂ ᠲᠡᠳᠡᠨ ᠤ ᠡᠮᠨᠡᠯᠭᠡ ᠳᠤ ᠣᠷᠣᠬᠤ᠂ ᠰᠤᠷᠭᠠᠭᠤᠯᠢ ᠳᠤ ᠣᠷᠣᠬᠤ ᠶᠢ ᠦᠨᠡᠨ ᠬᠦ ᠪᠠᠲᠤᠯᠠᠬᠤ ᠶᠢ ᠰᠠᠨᠠᠭᠤᠯᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1