ᠲᠣᠭᠲᠠᠬᠤ ᠰᠢᠶᠠᠨ ︽12·4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠲᠥᠪᠯᠡᠷᠡᠩᠭᠦᠢ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/14
      2023 ᠣᠨ ᠤ 12 ᠳ᠋ᠤᠭᠠᠷ ᠰᠠᠷ᠎ᠠ ᠶᠢᠨ 4  ᠤ ᠡᠳᠦᠷ ᠪᠣᠯ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠣᠨ᠎ᠠ᠂ ᠮᠠᠤ ᠽᠦ ᠳ᠋ᠦᠩ ᠨᠥᠬᠦᠷ ᠤᠨ ᠴᠣᠬᠤᠯᠠᠪᠤᠷᠢᠯᠠᠭᠰᠠᠨ ︽ᠹᠥ᠋ᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠦᠭᠰᠡᠨ 60 ᠵᠢᠯ ᠤᠨ ᠤᠢ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠳᠤ ︽ᠹᠥ᠋ᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠭᠰᠡᠨ 20 ᠵᠢᠯ ᠤᠨ ᠤᠢ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠠᠯᠢ ᠤᠯᠠᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃      12 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠡᠪᠯᠡᠯ ᠤᠨ ᠬᠤᠷᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ  ᠵᠦᠪᠯᠡᠯ᠂ ᠡᠮᠡᠭᠲᠡᠶᠢᠴᠦᠳ ᠤᠨ ᠬᠤᠯᠪᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠤᠯᠢ ᠲᠦᠭᠡᠮᠡᠯᠵᠢᠭᠦᠯᠬᠦ ᠪᠦᠷᠢᠯᠳᠦᠭᠦᠨ ᠨᠢᠭᠡᠴᠡ ᠲᠠᠢ ᠬᠠᠮᠲᠤᠷᠠᠨ ᠲᠣᠭᠲᠠᠬᠤ ᠰᠣᠶᠣᠯ ᠤᠨ ᠲᠠᠯᠠᠪᠠᠶ ᠳᠤ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ  ᠪᠠᠶᠢᠭᠤᠯᠤᠶ᠎ᠠ︾ ᠪᠠᠷ ᠭᠤᠣᠯ ᠰᠡᠳᠦᠪ ᠪᠣᠯᠭᠠᠭᠰᠠᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠨᠡᠶᠢᠭᠡᠮ ᠲᠣᠭᠤᠷᠢᠭ᠂ ᠲᠣᠰᠬᠤᠨ ᠤ ᠬᠡᠰᠡᠭ ᠬᠠᠤᠯᠢ ᠴᠠᠭᠠᠵᠠ ᠶᠢᠨ ᠣᠶᠢᠯᠠᠭᠠᠭᠴᠢ ᠨᠠᠷ ᠪᠠ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢᠳ ᠴᠤ ᠲᠣᠰ ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠶᠢᠨ ᠳᠤᠮᠳᠠ᠂ ᠠᠵᠢᠯᠲᠠᠳ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠵᠢᠷᠭᠤᠭᠠᠨ ᠳᠦᠷᠢᠮ ᠪᠠ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠤᠭᠰᠠᠨ ᠪᠥᠭᠡᠳ ᠣᠯᠠᠨ ᠲᠦᠮᠡᠨ ᠤ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠤᠷ ᠤᠨ ᠲᠠᠶᠢᠯᠤᠮᠵᠢ ᠪᠠ ᠬᠠᠤᠯᠢ ᠴᠠᠭᠠᠵᠠ ᠶᠢᠨ ᠯᠠᠪᠯᠠᠭ᠎ᠠ ᠬᠠᠩᠭᠠᠭᠰᠠᠨ ᠪᠠᠶᠢᠨ᠎ᠠ᠃ ᠠᠵᠢᠯᠯᠠᠭ᠎ᠠ ᠳᠤ 10 ᠭᠠᠷᠤᠢ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠵᠦ᠂ 3000 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠲᠠ ᠶᠢ 10 ᠤᠳᠠᠭ᠎ᠠ ᠬᠦᠯᠢᠶᠡᠨ ᠠᠪᠴᠤ᠂ 200 ᠭᠠᠷᠤᠢ ᠬᠥᠮᠥᠨ ᠤ ᠰᠤᠷᠭᠠᠨ ᠬᠥᠮᠦᠵᠢᠯ ᠭᠥᠷᠳᠡᠭᠰᠡᠨ ᠪᠠᠶᠢᠨ᠎ᠠ᠃ ᠪᠤᠰᠤᠳ ᠡᠯ᠎ᠡ ᠨᠢᠭᠡᠴᠡ᠂ ᠰᠠᠯᠠᠭ᠎ᠠ ᠮᠥᠴᠢᠷ ᠤᠨ ᠬᠢᠨ ᠴᠦ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠣᠰ ᠪᠡᠶ᠎ᠡ ᠶᠢᠨ ᠤᠬᠠᠭᠤᠯᠭ᠎ᠠ ᠶᠢᠨ ᠳᠠᠪᠠᠭᠤᠯᠢᠭ ᠪᠣᠯᠣᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠦᠨᠳᠦᠰᠦᠨ ᠬᠠᠤᠯᠢ ᠶᠢ ᠤᠬᠠᠭᠤᠯᠬᠤ ᠪᠠᠷ ᠭᠤᠣᠯ ᠠᠭᠤᠯᠭ᠎ᠠ ᠪᠣᠯᠭᠠᠵᠤ᠂ ᠣᠯᠠᠨ ᠵᠦᠢᠯ ᠤᠨ ᠬᠡᠯᠪᠡᠷᠢ ᠪᠠᠷ ᠣᠯᠠᠨ ᠶᠠᠩᠵᠤ ᠶᠢᠨ᠂ ᠡᠯᠪᠡᠭ ᠪᠠᠶᠠᠯᠢᠭ ᠬᠡᠯᠪᠡᠷᠢ ᠲᠠᠢ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃      ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠢᠶᠠᠷ ᠤᠯᠠᠨ ᠲᠦᠮᠡᠨ ᠤ ᠬᠠᠤᠯᠢ ᠶᠢ ᠰᠤᠷᠤᠯᠴᠠᠬᠤ ᠢᠳᠡᠪᠬᠢᠵᠢᠯ ᠪᠠ ᠬᠠᠤᠯᠢ ᠶᠢ ᠰᠠᠬᠢᠬᠤ ᠤᠬᠠᠮᠰᠠᠷᠲᠤ ᠴᠢᠨᠠᠷ ᠢ ᠬᠥᠭᠵᠢᠭᠡᠵᠦ᠂ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ᠂ ᠬᠠᠤᠯᠢ ᠶᠢ ᠬᠡᠷᠡᠭᠯᠡᠬᠦ ᠦᠵᠡᠯᠲᠡ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠪᠠ᠃ ᠬᠤᠶᠢᠰᠢᠳᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠲᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠠᠤᠯᠢᠵᠢᠯ ᠤᠨ ᠰᠣᠶᠣᠯ ᠢ ᠬᠠᠤᠯᠢ ᠶᠣᠰᠣᠭᠠᠷ ᠰᠢᠶᠠᠨ ᠢ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠤᠶᠤᠨ ᠰᠠᠨᠠᠭᠠᠨ ᠤ ᠬᠥᠷᠥᠰᠥ ᠰᠢᠷᠣᠢ ᠪᠣᠯᠭᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠠᠪᠤᠳᠠᠯ ᠢ ᠪᠦᠬᠦ ᠨᠡᠶᠢᠭᠡᠮ ᠤᠨ ᠬᠡᠪ ᠵᠠᠩᠰᠢᠯ ᠪᠣᠯᠭᠠᠵᠤ᠂ ᠮᠠᠨ ᠤ ᠰᠢᠶᠠᠨ ᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1