ᠬᠥᠬᠡᠬᠤᠲᠠ ᠶᠢᠨ ᠲᠣᠭᠲᠠᠬᠤ ᠰᠢᠶᠠᠨ ︽ᠹᠧᠩᠴᠢᠶᠤᠤ ᠮᠠᠶ᠋ᠢᠭ ᠤᠨ ᠠᠵᠢᠯ ᠤᠨ  ᠠᠷᠭ᠎ᠠ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2023/12/14
      ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠭᠦᠯᠵᠦ᠂ ᠨᠡᠩ ᠥᠨᠳᠥᠷ ᠲᠦᠪᠰᠢᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠠᠬᠢᠭᠤᠯᠬᠤ ᠶᠢᠨ ᠲᠦᠯᠦᠭᠡ᠂ ᠬᠥᠬᠡᠬᠤᠲᠠ ᠶᠢᠨ ᠲᠣᠭᠲᠠᠬᠤ ᠰᠢᠶᠠᠨ ᠮᠠᠤ ᠽᠦ ᠳ᠋ᠦᠩ ᠨᠥᠬᠦᠷ ᠤᠨ ︽ᠹᠥ᠋ᠩᠴᠢᠶᠤᠤ ᠶᠢᠨ ᠲᠤᠷᠰᠢᠯᠭ᠎ᠠ ︾ ᠶᠢ ᠰᠤᠷᠤᠯᠴᠠᠨ ᠳᠡᠯᠭᠡᠷᠡᠭᠦᠯᠦᠭᠰᠡᠨ 60 ᠵᠢᠯ ᠤᠨ ᠤᠢ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠭᠰᠡᠨ 20 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠠᠷ ᠭᠠᠷᠳᠠᠴᠠ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠹᠧᠩᠴᠢᠶᠤᠤ ᠮᠠᠶ᠋ᠢᠭ ᠤᠨ ᠠᠵᠢᠯ ᠤᠨ ᠠᠷᠭ᠎ᠠ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠰᠢᠨ᠎ᠡ ᠶᠢ ᠡᠭᠦᠳᠬᠦ ᠦᠢᠯᠡᠳᠦᠯᠭᠡ ᠶᠢ ᠲᠦᠯᠬᠢᠨ ᠠᠬᠢᠭᠤᠯᠪᠠ᠃      ᠰᠢᠯᠢᠳᠡᠭ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠬᠤ ᠠᠵᠢᠯ ᠢ ᠨᠠᠷᠢᠨ ᠨᠢᠭᠲᠠ ᠪᠠᠶᠢᠷᠢᠯᠠᠭᠤᠯᠪᠠ      ︽ᠹᠧᠩᠴᠢᠶᠤᠤ ᠶᠢᠨ ᠲᠤᠷᠰᠢᠯᠭ᠎ᠠ︾ ᠶᠢᠨ 60 ᠵᠢᠯ ᠤᠨ ᠤᠯᠠᠮᠵᠢᠯᠠᠯ ᠪᠠ ᠬᠥᠭᠵᠢᠯᠲᠡ ᠶᠢᠨ ᠶᠠᠪᠤᠴᠠ ᠳᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠨᠢ ᠨᠢᠭᠡᠨᠲᠡ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠥᠨᠳᠥᠷ ᠨᠠᠮᠢᠷᠠᠭᠰᠠᠨ ᠲᠤᠭ ᠪᠣᠯᠤᠭᠰᠠᠨ ᠪᠠᠶᠢᠨ᠎ᠠ᠃ ᠲᠣᠭᠲᠠᠬᠤ ᠰᠢᠶᠠᠨ ᠤ ᠬᠢᠨ ︽ᠴᠤᠭ ᠵᠢᠪᠬᠤᠭ᠎ᠠ ᠲᠠᠢ︾ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠬᠤ᠂ ︽ᠤᠯᠠᠨ ᠲᠦᠮᠡᠨ ᠲᠠᠢ ᠣᠶᠢᠷᠠᠲᠤᠬᠤ︾ ᠤᠬᠠᠭᠤᠯᠤᠨ ᠲᠠᠶᠢᠯᠪᠤᠷᠢᠯᠠᠬᠤ ᠲᠠᠪᠴᠠᠩ ᠢ ᠪᠠᠶᠢᠭᠤᠯᠬᠤ᠂ ︽ᠤᠯᠠᠨ ᠤ ᠬᠦᠷᠢᠶᠡᠯᠡᠯ ᠢ ᠨᠢᠭᠲᠠᠷᠠᠭᠤᠯᠬᠤ︾ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠢ ᠪᠠᠶᠢᠭᠤᠯᠬᠤ ᠪᠠᠷ ᠬᠠᠷᠠᠯᠲᠠ ᠪᠠᠨ ᠪᠤᠯᠭᠠᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠪᠠᠷ ᠳᠠᠮᠵᠢᠭᠤᠯᠤᠨ᠂ ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠵᠥᠷᠢᠴᠡᠯ ᠢ ᠰᠢᠢᠳᠪᠦᠷᠢᠯᠡᠬᠦ ᠲᠥᠪ ᠠᠴᠠ 89 ᠨᠡᠷᠡᠰ ᠤᠯᠤᠰ ᠲᠥᠷᠥ ᠶᠢᠨ ᠬᠡᠪ ᠪᠣᠯᠪᠠᠰᠤᠷᠠᠯ ᠢᠶᠠᠷ ᠰᠠᠶᠢᠨ᠂ ᠨᠠᠮᠴᠢ ᠴᠢᠨᠠᠷ ᠢᠶᠠᠷ ᠴᠢᠩᠭ᠎ᠠ᠂ ᠦᠵᠡᠯ ᠰᠠᠨᠠᠭᠠᠨ ᠤ ᠤᠬᠠᠮᠰᠠᠷ ᠢᠶᠠᠷ ᠥᠨᠳᠥᠷ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠭᠤᠣᠯᠯᠠᠭᠴᠢ ᠬᠦᠴᠦᠨ ᠢ ᠰᠣᠩᠭᠤᠵᠤ᠂ 9 ᠰᠠᠯᠠᠭ᠎ᠠ ︽ᠹᠥ᠋ᠩᠴᠢᠶᠤᠤ ᠮᠠᠶ᠋ᠢᠭ ᠤᠨ ᠠᠵᠢᠯ ᠤᠨ ᠠᠷᠭ᠎ᠠ︾ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ᠂ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠶᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠥᠲᠥᠯᠥᠨ ᠳᠠᠭᠠᠭᠤᠯᠵᠤ ᠰᠢᠨ᠎ᠡ ᠴᠠᠭ ᠦᠶ᠎ᠡ ᠶᠢᠨ ︽ᠹᠥ᠋ᠩᠴᠢᠶᠤᠤ  ᠶᠢᠨ ᠲᠤᠷᠰᠢᠯᠭ᠎ᠠ︾ ᠶᠢᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠭᠤᠯᠵᠤ᠂ ᠪᠦᠬᠦ ᠠᠷᠠᠳ ᠢ ᠲᠠᠶᠢᠴᠢᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠲᠣᠭᠲᠠᠬᠤ ᠦᠵᠡᠰᠬᠦᠯᠡᠩᠲᠦ ᠰᠠᠶᠢᠬᠠᠨ ︽ᠹᠧᠩᠴᠢᠶᠤᠤ ᠶᠢᠨ ᠦᠵᠡᠮᠵᠢ︾ ᠶᠢ ᠵᠢᠷᠤᠭᠯᠠᠭᠤᠯᠵᠠᠢ᠃ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠤᠭᠳᠠᠭᠰᠠᠨ ᠠᠴᠠ ᠨᠠᠰᠢ ᠤᠷᠢᠳ ᠬᠤᠵᠢᠳ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠭᠦᠨᠵᠡᠭᠡᠶᠢᠷᠡᠵᠦ ︽ᠹᠥ᠋ᠩᠴᠢᠶᠤᠤ ᠮᠠᠶ᠋ᠢᠭ ᠤᠨ ᠠᠵᠢᠯ ᠤᠨ ᠠᠷᠭ᠎ᠠ︾  ᠶᠢ 231 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠬᠥᠮᠦᠵᠢᠯ ᠭᠥᠷᠳᠡᠭᠰᠡᠨ ᠨᠠᠮ ᠤᠨ ᠭᠡᠰᠢᠭᠦᠨ ᠤᠯᠠᠨ ᠲᠦᠮᠡᠨ 21670 ᠬᠥᠮᠥᠨ ᠳᠤ ᠬᠦᠷᠴᠡᠢ᠃      ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠪᠠᠶᠠᠯᠢᠭᠵᠢᠭᠤᠯᠵᠠᠢ      ᠨᠢᠭᠡ ᠳᠤ᠂ ᠶᠠᠷᠢᠯᠴᠠᠬᠤ ᠬᠤᠷᠠᠯ ᠬᠢᠵᠦ ᠰᠣᠯᠢᠯᠴᠠᠬᠤ ᠭᠤᠣᠯ ᠰᠡᠳᠦᠪ ᠢ ᠲᠣᠭᠲᠠᠭᠠᠪᠠ᠃ ᠤᠬᠠᠭᠤᠯᠤᠨ ᠲᠠᠶᠢᠯᠪᠤᠷᠢᠯᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠪᠠᠶᠠᠯᠢᠭᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠶᠠᠷᠢᠯᠴᠠᠬᠤ ᠬᠤᠷᠠᠯ ᠬᠤᠷᠠᠯᠳᠤᠭᠤᠯᠵᠤ᠂ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠪᠣᠯᠣᠨ ᠠᠭᠤᠯᠭ᠎ᠠ ᠪᠠᠨ ᠰᠣᠯᠢᠯᠴᠠᠬᠤ ᠪᠠ ᠰᠤᠳᠤᠯᠤᠨ ᠶᠠᠷᠢᠯᠴᠠᠵᠤ᠂ ᠡᠭᠦᠨ ᠤ ᠬᠠᠮᠲᠤ ᠬᠠᠷᠢᠯᠴᠠᠨ ᠰᠠᠨᠠᠭᠤᠯᠭ᠎ᠠ ᠪᠠ ᠵᠠᠰᠠᠪᠤᠷᠢ ᠣᠷᠣᠭᠤᠯᠬᠤ ᠰᠠᠨᠠᠯ ᠳᠤᠷᠠᠳᠴᠤ᠂ ᠶᠠᠷᠢᠯᠴᠠᠬᠤ ᠬᠤᠷᠠᠯ ᠢ ᠪᠠᠲᠤᠯᠠᠵᠤ ᠂ ᠮᠠᠤ ᠽᠧ ᠳ᠋ᠦᠩ ᠨᠥᠬᠦᠷ ᠤᠨ ᠴᠣᠬᠤᠯᠠᠪᠤᠷᠢ ᠪᠠᠷ ︽ᠹᠧᠩᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠦᠭᠰᠡᠨ 60 ᠵᠢᠯ ᠤᠨ ᠣᠶ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠪᠠᠷ ︽ᠹᠧᠩᠴᠢᠶᠤᠤ  ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠭᠰᠡᠨ 20 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠤᠷᠠᠰᠬᠠᠬᠤ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ︽ᠹᠥ᠋ᠩᠴᠢᠶᠤᠤ  ᠶᠢᠨ ᠲᠤᠷᠰᠢᠯᠭ᠎ᠠ︾ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠹᠥ᠋ᠩᠴᠢᠶᠤᠤ ᠮᠠᠶ᠋ᠢᠭ ᠤᠨ ᠠᠵᠢᠯ ᠤᠨ ᠠᠷᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠵᠢᠴᠢ ᠲᠣᠭᠲᠠᠬᠤ ᠰᠢᠶᠠᠨ ᠤ ᠣᠶᠢᠷ᠎ᠠ ᠶᠢᠨ ᠬᠡᠳᠦᠨ ᠵᠢᠯ ᠳᠤ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠦᠭᠰᠡᠨ ᠠᠷᠭ᠎ᠠ ᠬᠢᠳᠡᠯ ᠪᠣᠯᠣᠨ ᠦᠷ᠎ᠡ ᠪᠦᠲᠦᠭᠡᠯ ᠵᠡᠷᠭᠡ ᠭᠤᠣᠯ ᠰᠡᠳᠦᠪ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠤᠬᠠᠭᠤᠯᠤᠨ ᠲᠠᠶᠢᠯᠪᠤᠷᠢᠯᠠᠬᠤ ᠨᠠᠷᠢᠨ ᠳᠠᠩᠰᠠ ᠶᠢ ᠲᠣᠭᠲᠠᠭᠠᠪᠠ᠃ ᠬᠤᠶᠠᠷ ᠲᠤ᠂ ᠤᠬᠠᠭᠤᠯᠤᠨ ᠲᠠᠶᠢᠯᠪᠤᠷᠢᠯᠠᠬᠤ ᠨᠣᠣᠷᠠᠭ ᠢ ᠨᠠᠷᠢᠨ ᠨᠢᠮᠪᠠᠢ ᠪᠡᠯᠡᠳᠬᠡᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠨᠠᠷᠢᠨ ᠨᠢᠮᠪᠠᠢ ᠪᠡᠯᠡᠳᠬᠡᠵᠦ᠂ ᠬᠥᠮᠥᠨ ᠪᠦᠷᠢ ᠥᠪᠡᠷ ᠤᠨ ᠠᠵᠢᠯ ᠤᠨ ᠪᠠᠶᠢᠷᠢ ᠶᠢᠨ ᠣᠨᠴᠠ ᠴᠢᠳᠠᠪᠤᠷᠢ ᠪᠣᠯᠣᠨ ᠬᠤᠪᠢ ᠬᠥᠮᠥᠨ ᠤ ᠥᠩᠭᠡᠷᠡᠯᠲᠡ ᠲᠠᠢ ᠪᠠᠨ ᠤᠶᠠᠯᠳᠤᠭᠤᠯᠵᠤ᠂ ᠤᠬᠠᠭᠤᠯᠤᠨ ᠲᠠᠶᠢᠯᠪᠤᠷᠢᠯᠠᠬᠤ ᠨᠣᠣᠷᠠᠭ ᠢ ᠪᠡᠶ᠎ᠡ ᠪᠠᠷ ᠢᠶᠠᠨ ᠲᠤᠭᠤᠷᠪᠢᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠠᠨ ᠲᠡᠭᠦᠯᠳᠡᠷᠵᠢᠭᠦᠯᠪᠡ᠃ ᠶᠠᠷᠢᠶᠠᠨ ᠤ ᠨᠣᠣᠷᠠᠭ ᠲᠤ ᠨᠢᠭᠲᠠ ᠠᠴᠠ ᠨᠢᠭᠲᠠ ᠪᠠᠶᠢᠬᠤ ᠶᠢ ᠪᠠᠷᠢᠮᠲᠠᠯᠠᠵᠤ᠂ ᠠᠳᠠᠯᠢ ᠪᠤᠰᠤ ᠤᠬᠠᠭᠤᠯᠤᠨ ᠲᠠᠶᠢᠯᠪᠤᠷᠢᠯᠠᠬᠤ ᠡᠲᠡᠭᠡᠳ ᠲᠤ ᠴᠢᠭᠯᠡᠭᠦᠯᠦᠨ ᠤᠬᠠᠭᠤᠯᠤᠨ ᠲᠠᠶᠢᠯᠪᠤᠷᠢᠯᠠᠬᠤ ᠨᠣᠣᠷᠠᠭ ᠲᠤ ᠵᠠᠰᠠᠪᠤᠷᠢ ᠣᠷᠣᠭᠤᠯᠵᠤ᠂ ᠠᠭᠤᠯᠭ᠎ᠠ ᠶᠢ ᠨᠢ ᠠᠮᠢᠳᠤᠷᠠᠯ ᠳᠤ ᠣᠶᠢᠷᠠᠲᠤᠭᠤᠯᠵᠤ᠂ ᠦᠯᠢᠭᠡᠷ ᠢ ᠦᠨᠡᠨ ᠪᠣᠳᠠᠲᠠᠢ ᠪᠠᠷ ᠬᠥᠮᠥᠰ ᠤᠨ ᠰᠡᠳᠬᠢᠯ ᠢ ᠬᠥᠳᠡᠯᠭᠡᠵᠦ᠂ ᠰᠣᠨᠣᠰᠤᠭᠴᠢᠳ ᠤᠨ ᠪᠡᠶ᠎ᠡ ᠪᠠᠷ ᠢᠶᠠᠨ ᠬᠦᠷᠴᠦ ᠢᠷᠡᠬᠦ ᠶᠢ ᠬᠥᠲᠥᠯᠥᠨ ᠵᠢᠯᠤᠭᠤᠳᠴᠤ᠂ ᠦᠨᠡᠨ ᠰᠡᠳᠬᠢᠯᠭᠡ ᠪᠣᠳᠠᠲᠤ ᠰᠡᠳᠬᠢᠯᠭᠡ ᠪᠠᠷ ᠬᠥᠮᠥᠰ ᠤᠨ ᠰᠡᠳᠬᠢᠯ ᠢ ᠳᠣᠭᠳᠣᠯᠤᠭᠤᠯᠵᠤ᠂ ︽ᠹᠥ᠋ᠩᠴᠢᠶᠤᠤ ᠮᠠᠶ᠋ᠢᠭ ᠤᠨ ᠠᠵᠢᠯ ᠤᠨ ᠠᠷᠭ᠎ᠠ︾  ᠶᠢᠨ ᠤᠬᠠᠭᠤᠯᠤᠨ ᠲᠠᠶᠢᠯᠪᠤᠷᠢᠯᠠᠯᠲᠠ ᠶᠢ ᠨᠠᠮ ᠤᠨ ᠭᠡᠰᠢᠭᠦᠨ ᠤᠯᠠᠨ ᠲᠦᠮᠡᠨ ᠤ ᠰᠡᠳᠬᠢᠯ ᠳᠤ ᠦᠨᠡᠨᠬᠦ ᠬᠠᠳᠠᠩᠰᠢᠭᠤᠯᠵᠠᠢ᠃ ᠭᠤᠷᠪᠠ ᠳᠤ᠂ ᠲᠦᠷᠦᠯ ᠵᠦᠢᠯ ᠬᠤᠪᠢᠶᠠᠵᠤ ᠬᠡᠷᠡᠭ ᠤᠨ ᠵᠢᠱᠢᠶ᠎ᠡ ᠶᠢ ᠰᠣᠩᠭᠤᠨ᠎ᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ︽ᠹᠥ᠋ᠩᠴᠢᠶᠤᠤ ᠶᠢᠨ ᠲᠤᠷᠰᠢᠯᠭ᠎ᠠ︾ ᠶᠢᠨ ᠡᠭᠦᠰᠦᠯᠲᠡ᠂ ᠬᠥᠭᠵᠢᠯᠲᠡ᠂ ᠠᠭᠤᠯᠤᠭᠳᠠᠬᠤᠨ᠂ ᠬᠠᠷᠠᠯᠲᠠ ᠡᠭᠦᠷᠭᠡ ᠵᠢᠴᠢ ᠬᠥᠭᠵᠢᠯᠲᠡ ᠶᠢ ᠠᠬᠢᠭᠤᠯᠬᠤ ᠠᠷᠭ᠎ᠠ ᠵᠠᠮ ᠵᠡᠷᠭᠡ ᠳᠤ ᠭᠦᠨᠵᠡᠭᠡᠢ ᠵᠠᠳᠠᠯᠤᠯᠲᠠ ᠬᠢᠵᠦ᠂ ᠠᠳᠠᠯᠢ ᠪᠤᠰᠤ ᠤᠬᠠᠭᠤᠯᠤᠨ ᠲᠠᠶᠢᠯᠪᠤᠷᠢᠯᠠᠬᠤ ᠡᠲᠡᠭᠡᠳ ᠲᠤ ᠴᠢᠭᠯᠡᠭᠦᠯᠵᠦ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ︽ᠹᠥ᠋ᠩᠴᠢᠶᠤᠤ ᠮᠠᠶ᠋ᠢᠭ ᠤᠨ ᠠᠵᠢᠯ ᠤᠨ ᠠᠷᠭ᠎ᠠ︾ ᠶᠢᠨ ᠲᠤᠷᠰᠢᠯᠭ᠎ᠠ ᠶᠢᠨ ᠮᠠᠲ᠋ᠧᠷᠢᠶᠠᠯ ᠠᠴᠠ ᠲᠣᠬᠢᠷᠠᠮᠵᠢᠲᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠲᠠᠶᠢᠯᠪᠤᠷᠢᠯᠠᠵᠤ᠂ ᠨᠠᠮ ᠤᠨ ᠭᠡᠰᠢᠭᠦᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠦᠲᠦᠮᠵᠢᠲᠡᠢ ︽ᠹᠥ᠋ᠩᠴᠢᠶᠤᠤ ᠮᠠᠶ᠋ᠢᠭ ᠤᠨ ᠠᠵᠢᠯ ᠤᠨ ᠠᠷᠭ᠎ᠠ︾ ᠶᠢ ᠤᠷᠠᠨ ᠢᠶᠠᠷ ᠬᠡᠷᠡᠭᠯᠡᠵᠦ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠪᠡ᠃      ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ ᠦᠨᠳᠦᠰᠦᠨ ᠱᠠᠲᠤᠨ ᠤ ᠵᠢᠭᠤᠷᠠᠯᠳᠤᠭᠠᠨ ᠢ ᠰᠢᠢᠳᠪᠦᠷᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠨ᠎ᠡ      ᠨᠢᠭᠡ ᠳᠤ᠂ ᠦᠨᠳᠦᠰᠦᠨ ᠱᠠᠲᠤᠨ ᠤ ᠡᠶᠡᠳᠡᠭᠦᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠨᠡᠶᠢᠲᠡᠯᠢᠭ ᠲᠤᠷᠰᠢᠯᠭ᠎ᠠ ᠶᠢᠨ ᠲᠠᠶᠢᠯᠤᠮᠵᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠣᠯᠠᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠦᠨᠳᠦᠰᠦᠨ ᠱᠠᠲᠤᠨ ᠤ ᠡᠶᠡᠳᠡᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ᠂ ᠦᠨᠳᠦᠰᠦᠨ ᠱᠠᠲᠤᠨ ᠤ ᠤᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠪᠠᠷ ᠴᠢᠩᠭ᠎ᠠ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠢᠮᠠᠭᠲᠠ ᠪᠣᠳᠠᠲᠠᠢ ᠲᠠᠢ ᠣᠶᠢᠷᠠᠳᠬᠤ᠂ ᠠᠮᠢᠳᠤᠷᠠᠯ ᠲᠠᠢ ᠣᠶᠢᠷᠠᠳᠬᠤ᠂ ᠤᠯᠠᠨ ᠲᠦᠮᠡᠨ ᠲᠠᠢ ᠣᠶᠢᠷᠠᠳᠬᠤ ᠵᠠᠷᠴᠢᠮ ᠢ ᠪᠠᠷᠢᠮᠲᠠᠯᠠᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ᠂ ︽ᠬᠡᠷᠡᠭ ᠢᠶᠠᠷ ᠬᠠᠤᠯᠢ ᠶᠢ ᠬᠡᠯᠡᠯᠴᠡᠬᠦ︾ ᠬᠡᠯᠪᠡᠷᠢ ᠪᠠᠷ ᠳᠠᠮᠵᠢᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢᠵᠢᠯ ᠤᠨ ᠦᠵᠡᠯᠲᠡ ᠶᠢ ᠨᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠤᠯᠠᠨ ᠡᠰᠢᠵᠢᠭᠦᠯᠦᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠳᠤ ᠦᠨᠳᠦᠰᠦᠨ ᠱᠠᠲᠤᠨ ᠤ ᠤᠯᠠᠨ ᠲᠦᠮᠡᠨ ᠤ ᠰᠠᠭᠤᠷᠢ ᠶᠢ ᠰᠠᠶᠢᠲᠤᠷ ᠲᠠᠯᠪᠢᠵᠠᠢ᠃ ᠭᠤᠷᠪᠠ ᠳᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠢᠯᠡᠷᠡᠭᠦᠯᠬᠦ ᠳᠤ ᠬᠦᠴᠢᠷᠲᠡᠢ᠂ ᠤᠷᠢᠳᠴᠢᠯᠠᠨ ᠰᠡᠷᠡᠮᠵᠢᠯᠡᠭᠦᠯᠬᠦ ᠳᠤ ᠬᠦᠴᠢᠷᠲᠡᠢ᠂ ᠰᠢᠢᠳᠪᠦᠷᠢᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠦᠨᠳᠦᠰᠦᠨ ᠱᠠᠲᠤ ᠪᠣᠯ ᠵᠥᠷᠢᠴᠡᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠣᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ ᠮᠥᠨ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠥᠷᠭᠡᠨ ᠳᠡᠯᠭᠡᠷ ᠭᠦᠨ ᠭᠦᠨᠵᠡᠭᠡᠢ᠂ ᠨᠠᠷᠢᠨ ᠨᠢᠭᠲᠠ ᠠᠮᠢᠳᠤᠯᠢᠭ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠳᠡᠷᠭᠡᠳᠡᠬᠢ ᠬᠡᠷᠡᠭ ᠤᠨ ᠵᠢᠱᠢᠶ᠎ᠡ ᠶᠢ ᠶᠠᠷᠢᠵᠤ᠂ ᠨᠤᠲᠤᠭ ᠤᠨ ᠦᠯᠢᠭᠡᠷ ᠢ ᠶᠠᠷᠢᠵᠤ᠂ ᠦᠨᠳᠦᠰᠦᠨ ᠱᠠᠲᠤᠨ ᠤ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢᠨ ᠠᠭᠤᠯᠤᠭᠳᠠᠬᠤᠨ ᠪᠠ ᠤᠬᠢ ᠰᠣᠳᠣ ᠶᠢ ᠭᠦᠨᠵᠡᠭᠡᠢ ᠲᠠᠨᠢᠭᠤᠯᠵᠤ᠂ ᠬᠤᠷᠴᠠ ᠰᠡᠷᠭᠡᠭ ᠮᠡᠳᠡᠷᠡᠬᠦᠢ᠂ ᠨᠠᠷᠢᠯᠢᠭ ᠦᠢᠯᠡᠴᠢᠯᠡᠭᠡ ᠪᠠᠷ ︽ᠦᠢᠯᠡᠴᠢᠯᠡᠭᠡ ᠶᠢ ᠲᠣᠭᠲᠠᠪᠤᠷᠢᠵᠢᠭᠤᠯᠵᠤ᠂ ᠠᠰᠠᠭᠤᠳᠠᠯ ᠢ ᠬᠥᠪᠥᠭᠦᠯᠵᠦ᠂ ᠳᠠᠷᠠᠭᠠᠯᠠᠨ ᠪᠠᠶᠢᠴᠠᠭᠠᠬᠤ ᠶᠢ ᠪᠦᠬᠦᠨ ᠢ ᠪᠦᠷᠬᠦᠭᠦᠯᠵᠦ᠂ ᠠᠰᠠᠭᠤᠳᠠᠯ ᠢ ᠪᠦᠬᠦᠨ ᠢ ᠴᠡᠪᠡᠷᠯᠡᠬᠦ︾ ᠶᠢ ᠦᠨᠡᠨᠬᠦ ᠪᠡᠶᠡᠯᠡᠭᠦᠯᠵᠡᠢ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ︽ᠹᠥ᠋ᠩᠴᠢᠶᠤᠤ ᠮᠠᠶ᠋ᠢᠭ ᠤᠨ ᠠᠵᠢᠯ ᠤᠨ ᠠᠷᠭ᠎ᠠ︾  ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠪᠠᠷ ᠦᠨᠳᠦᠰᠦ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠭᠤᠣᠯ ᠰᠢᠵᠢᠮ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠪᠣᠯᠣᠨ᠎ᠠ᠃ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ ᠢᠳᠡᠪᠬᠢᠲᠡᠢ ᠪᠠᠷ ᠬᠤᠪᠢᠷᠠᠭᠤᠯᠵᠤ᠂ ᠥᠨᠳᠥᠷ ᠪᠦᠲᠦᠮᠵᠢᠲᠡᠢ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠳ᠋ᠦᠩᠨᠡᠵᠦ᠂ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠲᠦᠪᠰᠢᠨ ᠲᠣᠭᠲᠠᠬᠤ᠂ ᠬᠠᠤᠯᠢᠵᠢᠯ ᠤᠨ ᠲᠣᠭᠲᠠᠬᠤ ᠶᠢ ᠪᠠᠶᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1