ᠮᠠᠨ ᠤ ᠣᠷᠣᠨ ︽ᠨᠡᠷᠡᠳᠤ ᠤᠭᠢ ᠣᠨᠴᠠᠯᠢᠭᠲᠤ︾ ᠪᠦᠲᠦᠭᠡᠭᠳᠡᠬᠦᠨ ᠢᠶᠠᠷ ᠪᠦᠭᠦ ᠤᠯᠤᠰ ᠲᠤ ᠳᠡᠳ᠋ᠯᠡᠵᠦ ᠪᠠᠶᠢᠨ᠎ᠠ
ᠨᠡᠶᠢᠲᠡᠯᠡᠭᠰᠡᠨ ᠴᠠᠭ᠄
2023/12/14
      ᠣᠶᠢᠷ᠎ᠠ ᠶᠢᠨ ᠡᠳᠦᠷ ᠬᠤᠷᠠᠯᠳᠤᠭᠤᠯᠤᠭᠰᠠᠨ 2023 ᠣᠨ ᠤ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠢ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠢᠯᠢ᠂ ᠡᠷᠳᠡᠨᠢ᠂ ᠳ᠋ᠦᠩ ᠯᠢ ᠢᠮᠠᠭᠠᠨ ᠨᠣᠣᠯᠣᠭᠤᠷ᠂ ᠾᠧᠩ ᠹᠧᠩ ᠵᠡᠷᠭᠡ 53 ᠠᠵᠤ ᠠᠬᠤᠶᠢᠯᠠᠯ ᠤᠨ 139 ᠪᠦᠲᠦᠭᠡᠭᠳᠡᠬᠦᠨ ︽2023 ᠣᠨ ᠤ ᠠᠷᠪᠠᠨ ᠨᠢᠭᠡᠳᠦᠭᠡᠷ ᠬᠤᠭᠤᠴᠠᠭᠠᠨ  ᠤ ᠥᠪᠥᠷ ᠮᠣᠩᠭᠤᠯ ᠤᠨ ︿ᠨᠡᠷᠡᠳᠤ ᠤᠭᠢ ᠣᠨᠴᠠᠯᠢᠭᠲᠤ﹀ ︿ᠴᠢᠨᠠᠷ ᠰᠠᠶᠢᠲᠠᠢ﹀ ︿ᠥᠪᠡᠷᠮᠢᠴᠡ ᠣᠨᠴᠠᠯᠢᠭ ᠲᠠᠢ﹀ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠦᠨᠡᠯᠡᠭᠳᠡᠪᠡ᠃      ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠢ ᠲᠦᠷᠦᠯ ᠲᠡᠮᠳᠡᠭᠵᠢᠭᠦᠯᠬᠦ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠢ ᠭᠡᠷᠡᠴᠢᠯᠡᠨ ᠲᠣᠭᠲᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠪᠣᠬᠢᠷᠳᠤᠯ ᠦᠭᠡᠢ ᠥᠪᠥᠷ ᠮᠣᠩᠭᠤᠯ︾ ᠤᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠦᠨ ᠳᠡᠰ ᠳᠡᠪᠰᠢᠭᠦᠯᠪᠡ᠃ 2013 ᠣᠨ ᠠᠴᠠ 2023 ᠣᠨ ᠪᠤᠯᠲᠠᠯ᠎ᠠ 11 ᠬᠤᠭᠤᠴᠠᠭᠠᠨ ᠤ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠨᠡᠯᠡᠨ ᠲᠣᠭᠲᠠᠭᠠᠬᠤ ᠠᠵᠢᠯ ᠥᠷᠨᠢᠭᠦᠯᠵᠦ᠂ ᠨᠡᠶᠢᠲᠡ 317 ᠳᠠᠭᠠᠭᠤᠯᠤᠭᠴᠢ ᠠᠵᠤ ᠠᠬᠤᠶᠢᠯᠠᠯ ᠤᠨ 1778 ᠪᠦᠲᠦᠭᠡᠭᠳᠡᠬᠦᠨ ᠢ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠡᠷᠡᠴᠢᠯᠡᠨ ᠲᠣᠭᠲᠠᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠤᠳᠠᠭ᠎ᠠ ᠪᠦᠷᠢ ᠶᠢᠨ ᠭᠡᠷᠡᠴᠢᠯᠡᠨ ᠲᠣᠭᠲᠠᠭᠠᠭᠰᠠᠨ ︽ᠨᠡᠷᠡᠲᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠪᠦᠷᠢᠳᠬᠡᠨ ᠬᠤᠷᠢᠶᠠᠩᠭᠤᠶᠢᠯᠠᠵᠤ ᠳᠡᠪᠲᠡᠷᠯᠡᠬᠦ ᠶᠢᠨ ᠬᠠᠮᠲᠤ᠂ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠨᠡᠶᠢᠭᠡᠮᠯᠢᠭ ᠤᠨ ᠠᠯᠪᠠᠨ ᠤ ᠰᠦᠯᠵᠢᠶ᠎ᠡ ᠶᠢᠨ ᠲᠠᠪᠴᠠᠩ ᠳᠤ ᠡᠯᠧᠺᠲᠷᠣᠨ ᠨᠣᠮ ᠤᠨ ᠭᠡᠯᠪᠡᠷᠢ ᠪᠠᠷ ᠵᠡᠷᠭᠡ ᠳᠤᠨᠢ ᠳᠡᠯᠭᠡᠨ ᠦᠵᠡᠭᠦᠯᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠳᠡᠯᠭᠡᠭᠦᠷ ᠤᠨ ᠪᠣᠷᠤᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠵᠣᠯᠭᠠᠭᠤᠯᠵᠤ᠂ ︽ᠨᠡᠶᠢᠭᠡᠮᠯᠢᠭ ᠠᠴᠠ ᠲᠠᠨᠢᠯᠴᠠᠭᠤᠯᠬᠤ + ᠠᠵᠤ ᠠᠬᠤᠶᠢᠯᠠᠯ ᠠᠴᠠ ᠪᠣᠷᠣᠯᠠᠭᠤᠯᠬᠤ + ᠠᠷᠭ᠎ᠠ ᠵᠠᠮ ᠢᠶᠠᠷ ᠬᠠᠷᠢᠯᠴᠠᠨ ᠬᠥᠳᠡᠯᠦᠯᠴᠡᠬᠦ︾ ᠢᠲᠡᠭᠡᠮᠵᠢᠲᠦ ᠪᠣᠷᠤᠯᠠᠭᠤᠯᠭ᠎ᠠ ᠶᠢᠨ ᠵᠠᠭᠪᠤᠷ ᠢ ᠠᠩᠬ᠎ᠠ ᠠᠯᠬᠤᠮ ᠪᠤᠢ ᠪᠣᠯᠭᠠᠨ᠂ ᠣᠯᠠᠨ ᠲᠤᠰᠬᠠᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠲᠤᠰ ᠲᠤᠰ ᠤᠨ ᠡᠬᠢ ᠪᠠᠶᠠᠯᠢᠭ ᠤᠨ ᠳᠠᠪᠠᠭᠤᠯᠢᠭ  ᠢᠶᠠᠨ ᠪᠠᠳᠠᠷᠠᠭᠤᠯᠤᠨ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ ᠪᠠᠶᠢᠨ᠎ᠠ᠃ ᠲᠥᠷᠥᠯ ᠲᠡᠮᠳᠡᠭ ᠢ ᠡᠭᠦᠳᠦᠨ ᠪᠠᠶᠢᠭᠤᠯᠬᠤ ᠪᠠᠷ ᠳᠠᠮᠵᠢᠨ ︽ᠨᠡᠷᠡᠳᠤ ᠤᠭᠢ ᠣᠨᠴᠠᠯᠢᠭᠲᠤ︾ ᠲᠥᠷᠥᠯ ᠲᠡᠮᠳᠡᠭ ᠤᠨ ᠦᠨ᠎ᠡ ᠥᠷᠲᠡᠭ ᠪᠠ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠭᠠᠷᠭᠠᠵᠤ ᠪᠤᠢ᠃      ᠮᠠᠨ ᠤ ᠣᠷᠣᠨ ᠪᠣᠯ ᠪᠣᠬᠢᠷᠳᠤᠯ ᠦᠭᠡᠢ ᠣᠷᠭᠠᠨᠢᠭ ᠢᠳᠡᠭᠡᠨ ᠤ ᠦᠢᠯᠡᠳᠪᠦᠷᠢᠯᠡᠯ ᠤᠨ ᠲᠣᠮᠣ ᠮᠤᠵᠢ ᠣᠷᠣᠨ ᠪᠠᠶᠢᠵᠤ᠂ ᠣᠷᠭᠠᠨᠢᠭ ᠪᠣᠬᠢᠷᠳᠤᠯ ᠦᠭᠡᠢ ᠢᠳᠡᠭᠡᠨ ᠢ ᠬᠥᠭᠵᠢᠭᠦᠯᠬᠦ ᠲᠠᠯ᠎ᠠ ᠪᠠᠷ ᠣᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ ᠲᠠᠢ ᠶᠤᠮ᠃ ︽ᠨᠢᠳᠤᠨᠤᠨ ᠤ ᠵᠢᠯ ᠤᠨ ᠰᠡᠭᠦᠯᠴᠢ ᠪᠤᠯᠲᠠᠯ᠎ᠠ ᠪᠦᠭᠦ ᠤᠯᠤᠰ ᠲᠤ 25928 ᠠᠵᠤ ᠠᠬᠤᠶᠢᠯᠠᠯ ᠤᠨ 55482 ᠪᠦᠲᠦᠭᠡᠭᠳᠡᠬᠦᠨ ᠪᠣᠬᠢᠷᠳᠤᠯ ᠦᠭᠡᠢ ᠢᠳᠡᠭᠡᠨ ᠤ ᠭᠡᠷᠡᠴᠢᠯᠡᠯᠲᠡ ᠶᠢ ᠣᠯᠪᠠ᠃ ᠡᠭᠦᠨ ᠳᠤ ᠥᠪᠥᠷ ᠮᠣᠩᠭᠤᠯ ᠤᠨ 641 ᠠᠵᠤ ᠠᠬᠤᠶᠢᠯᠠᠯ ᠤᠨ 1840 ᠪᠦᠲᠦᠭᠡᠭᠳᠡᠬᠦᠨ ᠪᠠᠭᠲᠠᠨ ᠣᠷᠣᠵᠤ᠂ ᠪᠦᠭᠦ ᠤᠯᠤᠰ ᠲᠤ ᠳᠡᠳ᠋ᠯᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠪᠣᠬᠢᠷᠳᠤᠯ ᠦᠭᠡᠢ ᠪᠠ ᠣᠷᠭᠠᠨᠢᠭ ᠢᠳᠡᠭᠡᠨ ᠤ ᠨᠡᠶᠢᠭᠡᠮᠯᠢᠭ ᠤᠨ ᠳᠠᠷᠤᠭ᠎ᠠ᠂ ᠥᠪᠥᠷ ᠮᠣᠩᠭᠤᠯ ᠤᠨ ᠢᠦᠢ ᠬᠠᠩ ᠷᠧᠨ ᠠᠮᠢᠳᠤ ᠪᠣᠳᠠᠰ ᠤᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠯ ᠸᠠᠩ ᠱᠠᠩ ᠢ ᠲᠠᠨᠢᠯᠴᠠᠭᠤᠯᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1