ᠮᠠᠨ ᠤ ᠣᠷᠣᠨ ᠤ ᠬᠡᠶᠢᠰᠪᠦᠷᠢ ᠠᠬᠤᠢ ᠶᠢᠨ ᠮᠡᠷᠭᠡᠵᠢᠯ ᠰᠢᠨ᠎ᠡ ᠰᠢᠪᠲᠤᠯᠤᠯᠲᠠ ᠲᠠᠢ ᠪᠣᠯᠪᠠ
ᠨᠡᠶᠢᠲᠡᠯᠡᠭᠰᠡᠨ ᠴᠠᠭ᠄
2023/12/14
      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠣᠷᠣᠨ ᠤ ᠳᠡᠪᠰᠢᠭᠦᠯᠦᠭᠰᠡᠨ ︽ᠳᠤᠮᠳᠠᠳᠤ ᠤᠯᠤᠰ ᠤᠨ ᠱᠠᠭᠠᠵᠠᠩ ᠰᠣᠶᠣᠯ ᠤᠨ ᠭᠤᠣᠯ ᠰᠡᠳᠦᠪᠲᠦ ᠲᠤᠰᠬᠠᠢ ᠦᠵᠡᠭᠦᠯᠭᠡ ᠳᠤ ᠰᠠᠭᠤᠷᠢᠯᠠᠭᠰᠠᠨ ᠬᠡᠶᠢᠰᠪᠦᠷᠢ ᠠᠬᠤᠢ ᠶᠢᠨ ᠮᠡᠷᠭᠡᠵᠢᠯ ᠤᠨ ᠬᠡᠷᠡᠭᠯᠡᠯᠲᠡ︾ ᠨᠢ ᠪᠦᠭᠦ ᠤᠯᠤᠰ ᠤᠨ 2023 ᠣᠨ ᠤ ᠬᠡᠶᠢᠰᠪᠦᠷᠢ ᠠᠬᠤᠢ ᠶᠢᠨ ᠮᠡᠷᠭᠡᠵᠢᠯ ᠤᠨ ᠬᠤᠰᠢᠭᠤᠴᠢ ᠬᠡᠷᠡᠭᠯᠡᠭᠡᠨ ᠤ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠡᠨᠡ ᠨᠢ ᠮᠠᠨ ᠤ ᠣᠷᠣᠨ ᠤ ᠬᠡᠶᠢᠰᠪᠦᠷᠢ ᠠᠬᠤᠢ ᠶᠢᠨ ᠮᠡᠷᠭᠡᠵᠢᠯ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃      ᠬᠡᠶᠢᠰᠪᠦᠷᠢ ᠠᠬᠤᠢ ᠶᠢᠨ ᠮᠡᠷᠭᠡᠵᠢᠯ ᠪᠣᠯ ᠺᠤᠮᠫᠢᠦ᠋ᠲ᠋ᠧᠷ ᠵᠡᠷᠭᠡ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠬᠦᠭᠡᠷᠦᠮᠵᠢ ᠶᠢ ᠠᠰᠢᠭᠯᠠᠨ ᠭᠤᠷᠪᠠᠨ ᠬᠡᠮᠵᠢᠯᠲᠦ ᠵᠢᠷᠤᠭ ᠳᠦᠷᠰᠦ ᠶᠢᠨ ᠮᠡᠷᠭᠡᠵᠢᠯ᠂ ᠤᠯᠠᠨ ᠵᠠᠭᠤᠴᠢᠲᠤ ᠮᠡᠷᠭᠡᠵᠢᠯ᠂ ᠳᠠᠭᠤᠷᠢᠶᠠᠮᠠᠯ ᠮᠡᠷᠭᠡᠵᠢᠯ᠂ ᠢᠯᠡᠷᠡᠭᠦᠯᠬᠦ ᠮᠡᠷᠭᠡᠵᠢᠯ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠭᠤᠷᠪᠠᠨ ᠬᠡᠮᠵᠢᠯᠲᠦ ᠬᠠᠷᠠᠭᠠᠨ ᠰᠡᠷᠡᠯ᠂ ᠬᠦᠷᠦᠯᠴᠡᠬᠦ ᠰᠡᠷᠡᠯ᠂ ᠦᠨᠦᠷᠯᠡᠬᠦ ᠰᠡᠷᠡᠯ ᠵᠡᠷᠭᠡ ᠤᠯᠠᠨ ᠵᠦᠢᠯ ᠤᠨ ᠰᠡᠷᠡᠯ ᠮᠡᠳᠡᠷᠡᠮᠵᠢ ᠪᠦᠬᠦᠢ ᠪᠡᠶᠡᠴᠢᠯᠡᠨ ᠣᠶᠢᠯᠠᠭᠠᠬᠤ ᠬᠡᠶᠢᠰᠪᠦᠷᠢ ᠠᠬᠤᠢ ᠶᠢᠷᠲᠢᠨᠴᠦ ᠶᠢ ᠪᠤᠢ ᠪᠣᠯᠭᠠᠨ᠂ ᠲᠤᠬᠠᠢ ᠶᠢᠨ ᠬᠡᠶᠢᠰᠪᠦᠷᠢ ᠠᠬᠤᠢ ᠶᠢᠷᠲᠢᠨᠴᠦ ᠳᠤ ᠪᠠᠶᠢᠭ᠎ᠠ ᠬᠥᠮᠥᠨ ᠳᠤ ᠪᠣᠳᠠᠲᠤ ᠠᠬᠤᠢ ᠳᠤ ᠭᠦᠷᠦᠭᠰᠡᠨ ᠮᠡᠲᠦ ᠲᠥᠷᠥᠭᠳᠡᠯ ᠥᠭᠴᠦ᠂ ᠬᠥᠮᠥᠨ ᠤ ᠪᠡᠶ᠎ᠡ ᠰᠡᠳᠬᠢᠯ ᠢᠶᠠᠷ ᠢᠶᠠᠨ ᠣᠷᠤᠯᠴᠠᠬᠤ ᠲᠥᠷᠥᠭᠳᠡᠯ ᠢ ᠨᠡᠮᠡᠭᠳᠡᠭᠦᠯᠬᠦ ᠮᠡᠷᠭᠡᠵᠢᠯ ᠪᠣᠯᠣᠨ᠎ᠠ᠃      ᠮᠠᠨ ᠤ ᠣᠷᠣᠨ ᠬᠡᠶᠢᠰᠪᠦᠷᠢ ᠠᠬᠤᠢ ᠶᠢᠨ ᠮᠡᠷᠭᠡᠵᠢᠯ ᠢ ᠬᠡᠷᠡᠭᠯᠡᠭᠡᠨ ᠳᠤ ᠤᠷᠤᠭᠤᠯᠬᠤ ᠶᠢ ᠬᠦᠴᠦᠯᠡᠨ ᠠᠬᠢᠭᠤᠯᠤᠭᠰᠠᠭᠠᠷ ᠢᠷᠡᠵᠦ᠂ ᠲᠤᠰ ᠤᠳᠠᠭ᠎ᠠ ᠶᠢᠨ ᠳᠡᠪᠰᠢᠭᠦᠯᠦᠭᠰᠡᠨ ︽ᠳᠤᠮᠳᠠᠳᠤ ᠤᠯᠤᠰ ᠤᠨ ᠱᠠᠭᠠᠵᠠᠩ ᠰᠣᠶᠣᠯ  ᠤᠨ ᠭᠤᠣᠯ ᠰᠡᠳᠦᠪᠲᠦ ᠲᠤᠰᠬᠠᠢ ᠦᠵᠡᠭᠦᠯᠭᠡ ᠳᠤ ᠰᠠᠭᠤᠷᠢᠯᠠᠭᠰᠠᠨ ᠬᠡᠶᠢᠰᠪᠦᠷᠢ ᠠᠬᠤᠢ ᠶᠢᠨ ᠮᠡᠷᠭᠡᠵᠢᠯ ᠤᠨ ᠬᠡᠷᠡᠭᠯᠡᠯᠲᠡ︾ ᠨᠢ ᠪᠦᠷᠢᠨ ᠵᠠᠩᠭᠢ ᠶᠢᠨ ᠠᠭᠤᠰᠤᠯᠴᠠᠬᠤ ᠭᠡᠯᠪᠡᠷᠢ ᠶᠢᠨ ᠮᠡᠷᠭᠡᠵᠢᠯ ᠪᠠ ᠬᠠᠮ ᠵᠠᠭᠤᠴᠢᠯᠠᠭᠤᠷ ᠤᠨ ᠮᠡᠷᠭᠡᠵᠢᠯ ᠢ ᠠᠰᠢᠭᠯᠠᠨ ᠴᠣ ᠰᠢᠨ᠎ᠡ ᠪᠥᠭᠡᠳ ᠡᠴᠢᠨ᠎ᠡ ᠨᠢᠭᠤᠴᠠᠬᠠᠢ ᠱᠠᠭᠠᠵᠠᠩ ᠰᠣᠶᠣᠯ ᠤᠨ ᠶᠢᠷᠲᠢᠨᠴᠦ ᠶᠢ ᠪᠤᠢ ᠪᠤᠯᠭᠠᠵᠤ᠂ 2000 ᠲᠡᠭᠰᠢ ᠳᠥᠷᠪᠡᠯᠵᠢᠨ ᠮᠧᠲᠷ ᠤᠨ ᠬᠡᠶᠢᠰᠪᠦᠷᠢ ᠦᠵᠡᠭᠦᠯᠭᠡ ᠶᠢᠨ ᠲᠢᠩᠬᠢᠮ ᠢᠶᠠᠷ ᠡᠯ᠎ᠡ ᠵᠦᠢᠯ ᠤᠨ ᠱᠠᠭᠠᠵᠠᠩ ᠬᠡᠷᠡᠭᠰᠡᠯ ᠤᠳ ᠢ ᠠᠮᠢᠯᠠᠭᠤᠯᠵᠤ᠂ ᠬᠥᠮᠥᠰ ᠲᠤ ᠳᠤᠮᠳᠠᠳᠤ ᠤᠯᠤᠰ ᠤᠨ ᠱᠠᠭᠠᠵᠠᠩ ᠰᠣᠶᠣᠯ ᠤᠨ ᠤᠯᠠᠷᠢᠯ ᠬᠥᠭᠵᠢᠯ ᠤᠨ ᠲᠡᠦᠬᠡ ᠶᠢ ᠠᠮᠢᠳᠤᠯᠢᠭ ᠣᠶᠢᠯᠠᠭᠠᠭᠤᠯᠤᠭᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1