ᠮᠠᠨ ᠤ ᠣᠷᠣᠨ ᠬᠠᠭᠤᠴᠢ ᠰᠤᠳᠤᠯᠤᠯ ᠤᠨ ᠴᠢᠬᠤᠯᠠ ᠶᠡᠭᠡ ᠢᠨᠵᠧᠨᠧᠷᠢᠩ ᠳᠤ ᠡᠯᠪᠡᠭ ᠳᠡᠯᠪᠡᠭ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄
2023/12/14
      ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠴᠢᠬᠤᠯᠠ ᠶᠡᠭᠡ ᠢᠨᠵᠧᠨᠧᠷᠢᠩ ᠳᠤ ᠡᠯᠪᠡᠭ ᠳᠡᠯᠪᠡᠭ ᠦᠷ᠎ᠡ ᠪᠦᠲᠦᠭᠡᠯ ᠣᠯᠪᠠ᠃      ᠵᠢᠯ ᠤᠨ ᠡᠬᠢᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ  ᠤᠨ ᠬᠠᠭᠤᠴᠢ ᠰᠤᠳᠤᠯᠤᠯ ᠤᠨ ᠬᠦᠷᠢᠶᠡᠯᠡᠩ ︽ᠬᠠᠭᠤᠴᠢ ᠰᠤᠳᠤᠯᠤᠯ ᠤᠨ ᠳᠤᠮᠳᠠᠳᠤ ᠤᠯᠤᠰ - ᠬᠤᠩᠱᠠᠨ ᠨᠡᠶᠢᠭᠡᠮ  ᠤᠨ ᠪᠣᠯᠪᠠᠰᠤᠨ ᠤ ᠠᠬᠢᠴᠠ ᠶᠢᠨ ᠰᠤᠳᠤᠯᠭᠠᠨ︾ ᠤ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠨᠢᠩᠴᠧᠩ ᠣᠷᠣᠨ ᠳᠠᠬᠢ ᠴᠢᠨ ᠠᠴᠠ ᠡᠮᠦᠨᠡᠬᠢ ᠦᠶ᠎ᠡ ᠶᠢᠨ ᠬᠠᠭᠤᠴᠢ ᠰᠤᠳᠤᠯᠤᠯ  ᠤᠨ ᠪᠠᠶᠢᠴᠠᠭᠠᠯᠲᠠ ᠶᠢ ᠲᠣᠭᠲᠠᠭᠤᠨ ᠢᠶᠠᠷ ᠶᠠᠪᠤᠭᠳᠠᠭᠤᠯᠵᠤ᠂ ᠨᠡᠶᠢᠳᠡ 200 ᠲᠡᠭᠰᠢ ᠳᠥᠷᠪᠡᠯᠵᠢᠨ ᠺᠢᠯᠣᠮᠧᠲᠷ ᠤᠨ ᠭᠠᠵᠠᠷ ᠨᠤᠲᠤᠭ ᠪᠣᠯᠣᠨ 61 ᠪᠠᠭᠤᠷᠢ ᠶᠢ ᠪᠠᠶᠢᠴᠠᠭᠠᠪᠠ᠃ ᠯᠢᠦ ᠾᠧ ᠭᠤᠣᠯ ᠤᠨ ᠰᠠᠪᠠ ᠭᠠᠵᠠᠷ ᠤᠨ ᠬᠦᠷᠢᠶ᠎ᠡ ᠬᠤᠰᠢᠭᠤᠨ ᠤ ᠡᠮᠦᠨ᠎ᠡ ᠬᠡᠰᠡᠭ ᠤᠨ ᠭᠠᠵᠠᠷ ᠣᠷᠣᠨ ᠤ ᠴᠢᠨ ᠠᠴᠠ ᠡᠮᠦᠨᠡᠬᠢ ᠦᠶ᠎ᠡ ᠶᠢᠨ ᠬᠠᠭᠤᠴᠢ ᠰᠤᠳᠤᠯᠤᠯ  ᠤᠨ ᠪᠠᠶᠢᠴᠠᠭᠠᠯᠲᠠ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠭᠠᠷᠭᠠᠨ᠂ ᠨᠡᠶᠢᠲᠡ 240 ᠭᠠᠷᠤᠢ ᠲᠡᠭᠰᠢ ᠳᠥᠷᠪᠡᠯᠵᠢᠨ ᠺᠢᠯᠣᠮᠧᠲᠷ ᠤᠨ ᠭᠠᠵᠠᠷ ᠨᠤᠲᠤᠭ ᠪᠣᠯᠣᠨ 168 ᠪᠠᠭᠤᠷᠢ ᠶᠢ ᠪᠠᠶᠢᠴᠠᠭᠠᠵᠤ᠂ 160 ᠪᠠᠭᠤᠷᠢ ᠶᠢ ᠰᠢᠨ᠎ᠡ ᠪᠠᠷ ᠢᠯᠡᠷᠡᠭᠦᠯᠦᠭᠰᠡᠨ ᠪᠠᠶᠢᠨ᠎ᠠ᠃ ᠼᠠᠢ ᠲᠤᠤ ᠫᠥᠸᠧ ᠶᠢᠨ ᠪᠠᠭᠤᠷᠢ ᠶᠢᠨ ᠬᠠᠭᠤᠴᠢ ᠰᠤᠳᠤᠯᠤᠯ ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠬᠠᠶᠢᠨ ᠰᠢᠨᠵᠢᠭᠰᠡᠨ ᠲᠠᠯᠠᠪᠠᠢ ᠨᠢ 7 ᠲᠦᠮᠡᠨ ᠲᠡᠭᠰᠢ ᠳᠥᠷᠪᠡᠯᠵᠢᠨ ᠮᠸᠲᠷ ᠢ ᠲᠠᠪᠠᠨ᠂ ᠮᠠᠯᠲᠠᠭᠰᠠᠨ ᠲᠠᠯᠠᠪᠠᠢ ᠨᠢ 1322 ᠲᠡᠭᠰᠢ ᠳᠥᠷᠪᠡᠯᠵᠢᠨ ᠮᠸᠲᠷ ᠬᠦᠷᠴᠦ᠂ ᠮᠠᠯᠲᠠᠵᠤ ᠭᠠᠷᠭᠠᠭᠰᠠᠨ ᠯᠣᠣ ᠶᠢᠨ ᠰᠢᠨᠵᠢᠲᠡᠢ ᠬᠢᠰᠤᠭ᠎ᠠ ᠵᠢᠮᠰᠡᠭ ᠨᠢ ᠬᠤᠩᠱᠠᠨ ᠰᠣᠶᠣᠯ ᠤᠨ ᠤᠷᠢᠳᠤᠰ ᠤᠨ ︽ᠯᠣᠣ︾ ᠶᠢᠨ ᠰᠢᠲᠦᠯᠭᠡ ᠶᠢᠨ ᠲᠦᠭᠡᠮᠡᠯ ᠴᠢᠨᠠᠷ ᠢ ᠭᠡᠷᠡᠴᠢᠯᠡᠵᠦ᠂ ᠬᠤᠩᠱᠠᠨ ᠰᠣᠶᠣᠯ ᠢ ᠳᠡᠯᠡᠬᠡᠢ ᠶᠢᠨ ᠰᠣᠶᠣᠯ ᠤᠨ ᠥᠪ ᠢᠶᠠᠷ ᠮᠡᠳᠡᠭᠦᠯᠬᠦ ᠠᠵᠢᠯ  ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃      ᠣᠶᠢᠯᠠᠭᠠᠭᠰᠠᠨ ᠢᠶᠠᠷ᠂ ᠡᠨᠡ ᠵᠢᠯ  ︽ᠬᠠᠭᠤᠴᠢ ᠰᠤᠳᠤᠯᠤᠯ ᠤᠨ ᠳᠤᠮᠳᠠᠳᠤ ᠤᠯᠤᠰ - ᠪᠣᠷᠣᠳᠣᠬᠤᠢ ᠣᠷᠣᠨ  ᠤ ᠰᠠᠭᠤᠷᠢᠰᠢᠯ ᠬᠢᠭᠡᠳ ᠨᠡᠶᠢᠭᠡᠮ ᠤᠨ ᠰᠤᠳᠤᠯᠭᠠᠨ︾ ᠤ ᠽᠦᠢ ᠱᠢ ᠴᠧᠩ ᠤᠨ ᠬᠠᠭᠤᠴᠢ ᠰᠤᠳᠤᠯᠤᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠯᠦᠡᠭ ᠱᠠᠨ ᠤ ᠦᠶ᠎ᠡ ᠶᠢᠨ ᠬᠡᠯᠬᠢᠯᠳᠦᠭᠰᠡᠨ ᠪᠠᠶᠢᠰᠢᠩ ᠤᠨ ᠪᠠᠭᠤᠷᠢ᠂ ᠬᠦᠷᠢᠶ᠎ᠡ ᠬᠠᠰᠢᠶ᠎ᠠ ᠵᠢᠴᠢ ᠴᠢᠯᠠᠭᠤᠨ ᠳᠠᠯᠠᠩ ᠤᠨ ᠰᠠᠭᠤᠷᠢ ᠪᠠᠷ ᠪᠦᠷᠢᠯᠳᠦᠭᠰᠡᠨ ᠳᠡᠭᠡᠳᠦ ᠳᠡᠰ ᠤᠨ ᠪᠠᠷᠢᠯᠭ᠎ᠠ ᠵᠢᠴᠢ ᠭᠠᠵᠠᠷ ᠳᠣᠣᠷᠠᠬᠢ ᠵᠠᠮ ᠵᠡᠷᠭᠡ 20 ᠭᠠᠷᠤᠢ ᠭᠠᠵᠠᠷ ᠢ ᠰᠢᠨ᠎ᠡ ᠪᠠᠷ ᠢᠯᠡᠷᠡᠭᠦᠯᠦᠭᠰᠡᠨ ᠨᠢ ᠪᠣᠷᠣᠳᠣᠬᠤᠢ ᠣᠷᠣᠨ ᠤ ᠪᠣᠯᠪᠠᠰᠤᠨ ᠤ ᠠᠬᠢᠴᠠ᠂ ᠳᠤᠮᠳᠠᠳᠤ ᠤᠯᠤᠰ ᠤᠨ ᠤᠮᠠᠷᠠᠲᠤ ᠣᠷᠣᠨ ᠤ ᠡᠷᠲᠡ ᠦᠶ᠎ᠡ ᠶᠢᠨ ᠬᠤᠲᠠ ᠶᠢᠨ ᠪᠠᠶᠢᠭᠤᠯᠤᠯ ᠤᠨ ᠰᠤᠳᠤᠯᠭᠠᠨ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠳᠤ ᠽᠦᠢ ᠱᠢ ᠴᠧᠩ ᠤᠨ ᠡᠷᠭᠢᠨ ᠲᠣᠭᠤᠷᠢᠨ ᠤ ᠣᠷᠣᠨ ᠪᠦᠰᠡ ᠶᠢᠨ ᠪᠠᠶᠢᠴᠠᠭᠠᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠡᠷᠭᠢᠨ ᠲᠣᠭᠤᠷᠢᠨ ᠤ ᠪᠤᠰᠤᠳ ᠴᠢᠯᠠᠭᠤᠨ ᠪᠠᠷᠢᠯᠭ᠎ᠠ ᠪᠠ ᠣᠷᠣᠨ ᠰᠠᠭᠤᠴᠠ ᠶᠢᠨ ᠭᠠᠵᠠᠷ ᠢ ᠢᠯᠭᠠᠨ ᠲᠣᠳᠣᠯᠠᠵᠤ᠂ ᠤᠯᠤᠰ  ᠤᠨ ᠳᠣᠲᠣᠭᠠᠳᠤ ᠶᠢᠨ ᠣᠷᠣᠶᠢᠯᠠᠭᠰᠠᠨ ᠡᠷᠳᠡᠮ ᠰᠢᠨᠵᠢᠯᠡᠭᠡᠨ ᠤ ᠨᠢᠭᠡᠴᠢ ᠪᠠ ᠡᠷᠳᠡᠮᠲᠡᠳ ᠤᠨ ᠣᠷᠣᠯᠴᠠᠬᠰᠠᠨ ᠰᠤᠳᠤᠯᠭᠠᠨ ᠤ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠳᠤ ᠳᠤᠮᠳᠠᠳᠤ ᠤᠯᠤᠰ ᠤᠨ ᠤᠮᠠᠷᠠᠲᠤ ᠣᠷᠣᠨ ᠤ ᠡᠷᠲᠡ ᠦᠶ᠎ᠡ ᠶᠢᠨ ᠬᠤᠲᠠ ᠪᠠ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠮᠵᠢ ᠶᠢᠨ ᠳᠦᠷᠢᠮ ᠢ ᠭᠦᠨᠵᠡᠭᠡᠢ ᠰᠦᠪᠡᠭᠴᠢᠯᠡᠵᠦ᠂ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠰᠤᠳᠤᠯᠭᠠᠨ ᠤ ᠰᠣᠶᠣᠯ ᠤᠨ ᠭᠧᠨ ᠢ ᠲᠣᠳᠣᠷᠬᠠᠶᠢᠯᠠᠨ ᠲᠠᠶᠢᠯᠪᠤᠷᠢᠯᠠᠬᠤ ᠳᠤ ᠰᠠᠭᠤᠷᠢ ᠲᠠᠯᠪᠢᠵᠤ ᠥᠭᠴᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1