ᠮᠠᠨ ᠤ ᠣᠷᠣᠨ ᠤ 61 ᠬᠤᠰᠢᠭᠤ ᠰᠢᠶᠠᠨ ᠲᠣᠭᠤᠷᠢᠭ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠡᠢ
ᠨᠡᠶᠢᠲᠡᠯᠡᠭᠰᠡᠨ ᠴᠠᠭ᠄
2023/12/14
      ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠣᠯᠣᠨ ᠣᠩᠨᠢᠭᠤᠳ ᠬᠤᠰᠢᠭᠤ᠂ ᠤᠯᠠᠭᠠᠨᠴᠠᠪ ᠬᠤᠲᠠ ᠶᠢᠨ ᠱᠠᠩᠳᠤ ᠰᠢᠶᠠᠨ᠂ ᠠᠯᠠᠱᠠ ᠠᠶᠢᠮᠠᠭ  ᠤᠨ ᠠᠯᠠᠱᠠ ᠪᠠᠷᠠᠭᠤᠨ ᠬᠤᠰᠢᠭᠤ ᠵᠡᠷᠭᠡ 5 ᠬᠤᠰᠢᠭᠤ ᠰᠢᠶᠠᠨ ︵ᠲᠣᠭᠤᠷᠢᠭ︶ ᠤᠰᠤᠨ ᠠᠰᠢᠭᠯᠠᠯᠲᠠ ᠶᠢᠨ ᠶᠠᠮᠤᠨ ᠤ ᠲᠦᠷᠦᠭᠦᠬᠡᠨ ᠨᠡᠶᠢᠲᠡᠯᠡᠭᠰᠡᠨ ᠵᠢᠷᠭᠤᠳᠤᠭᠠᠷ ᠪᠦᠯᠦᠭ ᠤᠨ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠭᠦᠷᠦᠭᠰᠡᠨ ᠰᠢᠶᠠᠨ︵ᠲᠣᠭᠤᠷᠢᠭ︶ ᠤ ᠨᠡᠷᠡᠰ ᠲᠤ ᠣᠷᠣᠵᠤ᠂ ᠤᠳᠤ ᠮᠠᠨ ᠤ ᠣᠷᠣᠨ ᠤ 61 ᠬᠤᠰᠢᠭᠤ ᠰᠢᠶᠠᠨ ︵ᠲᠣᠭᠤᠷᠢᠭ︶ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ  ᠶᠢᠨ ᠪᠠᠷᠢᠮᠵᠢᠶ᠎ᠠ ᠳᠤ ᠬᠦᠷᠴᠡᠢ᠃     ᠣᠶᠢᠷ᠎ᠠ ᠶᠢᠨ ᠵᠢᠯ ᠳᠤ ᠮᠠᠨ ᠤ ᠣᠷᠣᠨ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤ ᠠᠷᠪᠢᠯᠠᠬᠤ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠭᠰᠡᠨ ᠪᠠᠶᠢᠨ᠎ᠠ᠃ ᠬᠠᠮᠢᠶ᠎ᠠ ᠪᠦᠬᠦᠢ ᠲᠤᠭ᠎ᠠ ᠪᠦᠷᠢᠳᠬᠡᠯ ᠢ ᠦᠨᠳᠦᠰᠦᠯᠡᠪᠡᠯ᠂ 2022 ᠣᠨ ᠤ ᠪᠦᠭᠦ ᠣᠷᠣᠨ ᠤ ᠤᠰᠤ ᠬᠡᠷᠡᠭᠯᠡᠭᠰᠡᠨ ᠶᠡᠷᠦᠩᠬᠡᠢ ᠬᠡᠮᠵᠢᠶ᠎ᠡ 193.47 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠲᠦᠮᠡᠨ ᠲᠥᠭᠦᠷᠢᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ︵ᠲᠣᠰ ᠵᠢᠯ ᠤᠨ ᠦᠨ᠎ᠡ︶ ᠢ ᠪᠡᠶᠡᠯᠡᠭᠦᠯᠬᠦ ᠳᠤ ᠬᠡᠷᠡᠭᠯᠡᠭᠰᠡᠨ ᠤᠰᠤᠨ ᠤ ᠬᠡᠮᠵᠢᠶ᠎ᠡ 74.96 ᠪᠣᠰᠤᠭ᠎ᠠ ᠳᠥᠷᠪᠡᠯᠵᠢᠨ ᠮᠧᠲᠷ ᠪᠠᠶᠢᠵᠤ᠂ 2020 ᠣᠨ ᠤ ᠬᠢ ᠠᠴᠠ 8.9% ᠪᠠᠷ ᠪᠠᠭᠤᠷᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ︵ᠲᠣᠰ ᠵᠢᠯ ᠤᠨ ᠦᠨ᠎ᠡ︶ ᠢ ᠪᠡᠶᠡᠯᠡᠭᠦᠯᠬᠦ ᠳᠤ ᠬᠡᠷᠡᠭᠯᠡᠬᠦ ᠤᠰᠤᠨ ᠤ ᠬᠡᠮᠵᠢᠶ᠎ᠡ 13.65 ᠪᠣᠰᠤᠭ᠎ᠠ ᠳᠥᠷᠪᠡᠯᠵᠢᠨ ᠮᠧᠲᠷ ᠪᠠᠶᠢᠵᠤ᠂ 2020 ᠣᠨ  ᠤ ᠬᠢ ᠠᠴᠠ 13% ᠪᠠᠷ ᠪᠠᠭᠤᠷᠠᠪᠠ᠃     ᠮᠠᠨ ᠤ ᠣᠷᠣᠨ ᠤᠰᠤ ᠠᠷᠪᠢᠯᠠᠬᠤ ᠶᠢ ᠵᠣᠬᠢᠴᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠤᠤᠯ ᠤᠨ 22 ᠰᠠᠯᠠᠭ᠎ᠠ ᠮᠥᠴᠢᠷ ᠤᠨ ᠣᠷᠣᠯᠴᠠᠬᠰᠠᠨ ᠤᠰᠤ ᠠᠷᠪᠢᠯᠠᠬᠤ ᠠᠵᠢᠯᠯᠠᠭ᠎ᠠ  ᠶᠢᠨ ᠲᠢᠩᠬᠢᠮ ᠲᠣᠪᠴᠢᠶ᠎ᠠ ᠶᠢᠨ ᠬᠤᠭᠤᠷᠣᠨᠳᠣᠭᠢ ᠬᠠᠮᠲᠤᠷᠠᠭᠰᠠᠨ ᠬᠤᠷᠠᠯ ᠤᠨ ᠰᠠᠭᠤᠷᠢᠨ ᠳᠡᠭᠡᠷ᠎ᠡ᠂ ᠡᠨᠡ ᠵᠢᠯ 15 ᠰᠠᠯᠠᠭ᠎ᠠ ᠮᠥᠴᠢᠷ ᠢᠶᠠᠷ ᠪᠦᠷᠢᠯᠳᠦᠭᠦᠨ ᠨᠢᠭᠡᠴᠢ ᠪᠤᠯᠭᠠᠬᠰᠠᠨ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠲᠤᠰᠬᠠᠢ ᠳᠤᠭᠤᠶᠢᠯᠠᠩ︾ ᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠦᠭᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠪᠠᠶᠢᠨ᠎ᠠ᠃ ᠡᠭᠦᠨ ᠤ ᠬᠠᠮᠲᠤ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ  ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ︿ᠠᠷᠪᠠᠨ ᠳᠥᠷᠪᠡᠳᠦᠭᠡᠷ ᠲᠠᠪᠤᠨ ᠵᠢᠯ﹀  ᠤᠨ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠶᠡᠭᠡ ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠵᠡᠷᠭᠡ ᠳᠦᠷᠢᠮ ᠢ ᠲᠣᠭᠲᠠᠭᠠᠪᠠ᠃ 2019 ᠣᠨ ᠠᠴᠠ ᠨᠠᠭᠠᠰᠢ 4 ᠵᠢᠯ ᠳᠠᠷᠠᠭᠠᠯᠠᠨ ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠠᠴᠠ ᠤᠰᠤ ᠠᠷᠪᠢᠯᠠᠬᠤ ᠨᠥᠬᠦᠪᠦᠷᠢ ᠪᠡᠯᠡ ᠮᠥᠩᠭᠦ ᠶᠢ ᠬᠤᠷᠠᠮᠳᠤᠭᠤᠯᠵᠤ᠂ ᠰᠢᠶᠠᠨ ᠤ ᠬᠡᠪᠴᠢᠶᠡᠨ ᠳᠠᠬᠢ ᠤᠰᠤ ᠠᠷᠪᠢᠯᠠᠬᠤ ᠨᠥᠬᠦᠪᠦᠷᠢ ᠪᠡᠯᠡ ᠮᠥᠩᠭᠦ ᠶᠢ ᠨᠡᠶᠢᠲᠡ 8423 ᠲᠦᠮᠡᠨ ᠲᠥᠭᠦᠷᠢᠭ ᠪᠠᠭᠤᠯᠭᠠᠨ᠂ ᠭᠦᠭᠡᠬᠤᠲᠠ᠂ ᠪᠤᠭᠤᠲᠤ ᠬᠤᠲᠠ᠂ ᠦᠬᠠᠢ ᠬᠤᠲᠠ ᠪᠣᠯᠣᠨ ᠣᠷᠳᠣᠰ ᠬᠤᠲᠠ ᠳᠤ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠡᠶᠢᠲᠡ 602 ᠲᠦᠮᠡᠨ ᠲᠥᠭᠦᠷᠢᠭ ᠪᠠᠭᠤᠯᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1