ᠲᠦᠷᠦᠭᠦᠦ 9 ᠰᠠᠷ᠎ᠠ ᠳᠤ ᠮᠠᠨ ᠤ ᠣᠷᠣᠨ 153.9 ᠲᠦᠮᠡᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ ᠦᠨᠳᠦᠰᠦᠨ ᠠᠮᠢᠳᠤᠷᠠᠯ ᠢ ᠪᠠᠲᠤᠯᠠᠪᠠ
ᠨᠡᠶᠢᠲᠡᠯᠡᠭᠰᠡᠨ ᠴᠠᠭ᠄
2023/12/14
      ᠡᠨᠡ ᠵᠢᠯ ᠠᠴᠠ ᠨᠠᠭᠠᠰᠢ᠂ ᠪᠦᠭᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠪᠤᠷᠠᠨ ᠲᠤᠰᠠᠯᠠᠬᠤ ᠦᠷ᠎ᠡ ᠪᠦᠲᠦᠮᠵᠢ ᠪᠠ ᠦᠢᠯᠡᠴᠢᠯᠡᠭᠡᠨ ᠤ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠭᠦ ᠲᠣᠭᠤᠷᠢᠨ ᠳᠤ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ︽ᠴᠢᠳᠠᠪᠤᠷᠢ ᠪᠠᠨ ᠳᠡᠭᠡᠭᠰᠢᠯᠡᠭᠦᠯᠵᠦ ᠰᠢᠯᠢᠳᠡᠭ ᠪᠤᠯᠬᠤ ᠪᠠᠷ ᠴᠢᠷᠮᠠᠶᠢᠬᠤ᠂ ᠪᠣᠳᠠᠲᠠᠢ ᠠᠵᠢᠯᠯᠠᠵᠤ ᠠᠷᠠᠳ ᠲᠤ ᠠᠰᠢᠭ ᠬᠦᠷᠲᠡᠭᠡᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠡᠨᠡ ᠵᠢᠯ ᠤᠨ 9 ᠰᠠᠷ᠎ᠠ ᠶᠢᠨ ᠰᠡᠭᠦᠯᠴᠢ ᠪᠤᠯᠲᠠᠯ᠎ᠠ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ 153.9 ᠲᠦᠮᠡᠨ ᠬᠥᠮᠥᠨ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ 9.7 ᠲᠦᠮᠡᠨ ᠬᠥᠮᠥᠨ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠠᠩᠭᠠᠵᠤ᠂ 198.2 ᠲᠦᠮᠡᠨ ᠣᠷᠣᠯᠭ᠎ᠠ ᠳᠣᠣᠷ᠎ᠠ ᠬᠥᠮᠥᠨ ᠠᠮᠠ ᠶᠢ ᠪᠠᠶᠢᠩᠭᠤ ᠶᠢᠨ ᠬᠢᠨᠠᠨ ᠬᠡᠮᠵᠢᠯᠲᠡ ᠳᠤ ᠣᠷᠣᠭᠤᠯᠵᠤ᠂ ᠡᠭᠦᠨ ᠤ ᠳᠣᠲᠣᠷᠠᠬᠢ 163.6 ᠲᠦᠮᠡᠨ ᠬᠦᠴᠢᠷᠳᠡᠯᠲᠡᠢ ᠣᠯᠠᠨ ᠲᠦᠮᠡᠨ ᠢ ᠲᠥᠷᠥᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠪᠡ᠃      ᠪᠦᠭᠦ ᠣᠷᠣᠨ ᠤ ᠡᠯ᠎ᠡ ᠭᠠᠵᠠᠷ ᠤᠨ ᠬᠢᠨ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠪᠡ᠃ ᠡᠯ᠎ᠡ ᠠᠶᠢᠮᠠᠭ ᠬᠤᠲᠠ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠠᠰᠠᠷᠠᠨ ᠲᠡᠵᠢᠭᠡᠬᠦ ᠵᠠᠷᠤᠳᠠᠯ ᠤᠨ ᠬᠠᠮᠤᠭ ᠤᠨ ᠥᠨᠳᠥᠷ ᠣᠯᠭᠤᠮᠵᠢ ᠶᠢ ᠲᠣᠭᠲᠠᠭᠠᠬᠤ᠂ ᠭᠡᠷ ᠪᠦᠯᠢ ᠶᠢᠨ ᠠᠰᠠᠷᠠᠨ ᠲᠡᠵᠢᠭᠡᠬᠦ ᠵᠠᠷᠤᠳᠠᠯ ᠢ ᠪᠠᠭᠤᠷᠠᠭᠤᠯᠬᠤ᠂ ᠠᠵᠢᠯ ᠦᠭᠡᠢ ᠬᠦᠨᠳᠦ ᠵᠡᠮᠳᠡᠭᠴᠦᠳ ᠲᠤ ︽ᠭᠤᠨᠢ ᠪᠡᠶᠡᠲᠦ ᠡᠷᠦᠭᠡ︾ ᠪᠠᠷ ᠯᠠᠪᠯᠠᠯᠲᠠ ᠪᠣᠯᠭᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠭᠠᠷᠭᠠᠬᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠤᠭᠤᠴᠠᠭ᠎ᠠ ᠶᠢ ᠠᠭᠠᠵᠢᠮ ᠢᠶᠠᠷ ᠪᠣᠭᠤᠨᠢᠰᠬᠠᠬᠤ ᠲᠥᠷᠥ ᠶᠢᠨ ᠪᠣᠳᠣᠯᠭ᠎ᠠ ᠵᠡᠷᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠪᠠᠭᠤᠷᠠᠶᠢᠴᠤᠤᠯ ᠨᠢ ᠲᠡᠳᠬᠦᠮᠵᠢ ᠲᠠᠢ᠂ ᠬᠦᠴᠢᠷᠳᠡᠯᠲᠡᠢ ᠨᠢ ᠲᠤᠰᠠᠯᠠᠮᠵᠢ ᠲᠠᠢ᠂ ᠨᠠᠰᠤᠲᠠᠶᠢᠴᠤᠳ ᠲᠤ ᠬᠠᠪᠰᠤᠷᠤᠮᠵᠢ ᠲᠠᠢ ᠪᠠᠶᠢᠬᠤ ᠶᠢ ᠪᠡᠶᠡᠯᠡᠭᠦᠯᠪᠡ᠃      ᠲᠥᠷᠥᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠢ ᠪᠦᠭᠦ ᠬᠦᠴᠦᠨ ᠢᠶᠠᠷ ᠢᠶᠠᠨ ᠪᠠᠲᠤᠯᠠᠪᠠ᠃ ᠡᠨᠡ ᠵᠢᠯ ᠠᠴᠠ ᠨᠠᠭᠠᠰᠢ ᠣᠯᠠᠨ ᠭᠠᠵᠠᠷ ᠤᠨ ᠦᠶᠡᠷ ᠤᠰᠤᠲᠤᠯ ᠤᠨ ᠭᠠᠮᠰᠢᠭ ᠲᠤ ᠴᠢᠭᠯᠡᠭᠦᠯᠦᠨ᠂ ᠮᠠᠨ ᠤ ᠣᠷᠣᠨ ᠤᠷᠢᠳᠴᠢᠯᠠᠨ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠭᠦ ᠲᠠᠯ᠎ᠠ ᠪᠠᠷ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠲᠣᠬᠢᠲᠠᠢ ᠪᠠᠲᠤᠯᠠᠬᠤ ᠶᠢ ᠦᠨᠡᠨ ᠬᠦ ᠪᠠᠲᠤᠯᠠᠪᠠ᠃ ᠦᠶᠡᠷ ᠤᠨ ᠬᠤᠭᠤᠴᠠᠭ᠎ᠠ ᠠᠴᠠ ᠨᠠᠭᠠᠰᠢ ᠭᠠᠮᠰᠢᠭᠳᠠᠭᠰᠠᠨ ᠤᠯᠠᠨ ᠲᠦᠮᠡᠨ ᠢ 30.17 ᠲᠦᠮᠡᠨ ᠬᠥᠮᠥᠨ ᠤᠳᠠᠭ᠎ᠠ ᠵᠢᠭᠰᠠᠭᠠᠨ ᠪᠠᠶᠢᠴᠠᠭᠠᠵᠤ᠂ 625 ᠨᠡᠷ᠎ᠡ ᠨᠥᠬᠦᠴᠡᠯ ᠳᠤ ᠨᠡᠶᠢᠴᠡᠬᠦ ᠬᠥᠮᠥᠨ ᠢ ᠠᠮᠢᠳᠤᠷᠠᠯ ᠤᠨ  ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠡᠬᠦ ᠪᠠ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠭᠠᠮᠰᠢᠭᠳᠠᠭᠰᠠᠨ ᠤᠯᠠᠨ ᠲᠦᠮᠡᠨ ᠢ ᠨᠡᠶᠢᠳᠡ 7551 ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ 1232.37 ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠪᠠ᠃      ᠰᠢᠨ᠎ᠡ ᠶᠢ ᠡᠭᠦᠳᠬᠦ ᠪᠠᠷ ᠳᠠᠮᠵᠢᠭᠤᠯᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠬᠤᠶᠠᠷ ᠨᠠᠷᠢᠨ ᠲᠠᠩᠰᠠ ᠶᠢ ︽ᠨᠢᠭᠡ ᠺᠣᠳ᠋ ᠢᠶᠠᠷ ᠰᠢᠷᠪᠢᠬᠦ︾ ᠶᠢ ᠪᠡᠶᠡᠯᠡᠭᠦᠯᠪᠡ᠃ ᠪᠦᠭᠦ ᠣᠷᠣᠨ ᠳᠤ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠤᠰᠬᠠᠢ ᠠᠵᠢᠯᠯᠠᠭ᠎ᠠ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠦᠨᠳᠦᠰᠦᠨ ᠵᠦᠢᠯ ᠢ ᠪᠠᠲᠤᠯᠠᠨ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ︽ᠵᠣᠯ ᠵᠢᠷᠭᠠᠯ ᠤᠨ ᠨᠠᠷᠢᠨ ᠲᠠᠩᠰᠠ︾ ᠶᠢ ᠭᠠᠷᠭᠠᠵᠤ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠶᠢ ︽ᠨᠢᠭᠡ ᠺᠣᠳ᠋ ᠢᠶᠠᠷ ᠰᠢᠷᠪᠢᠬᠦ︾ ᠶᠢ ᠪᠡᠶᠡᠯᠡᠭᠦᠯᠪᠡ᠃      ᠦᠨᠳᠦᠰᠦᠨ ᠱᠠᠲᠤᠨ ᠤ ᠠᠵᠢᠯ ᠤᠨ ᠰᠠᠭᠤᠷᠢ ᠶᠢ ᠪᠠᠬᠢᠵᠢᠭᠦᠯᠬᠦ ᠪᠠᠷ ᠳᠠᠮᠵᠢᠭᠤᠯᠤᠨ᠂ ᠠᠪᠤᠷᠠᠨ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠪᠦᠭᠦ ᠣᠷᠣᠨ ᠤ 71 ᠬᠤᠰᠢᠭᠤ ᠰᠢᠶᠠᠨ ︵ᠬᠤᠲᠠ᠂ ᠲᠣᠭᠤᠷᠢᠭ︶ ᠠᠪᠤᠷᠠᠨ ᠲᠤᠰᠠᠯᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢ ᠰᠤᠮᠤ ᠰᠢᠶᠠᠩ ᠪᠠᠯᠭᠠᠰᠤ ᠳᠤ ᠪᠠᠭᠤᠯᠭᠠᠵᠤ᠂ ︽ᠰᠢᠶᠠᠩ ᠪᠠᠯᠭᠠᠰᠤ ᠬᠢᠨᠠᠨ ᠬᠠᠷᠭᠤᠭᠤᠯᠵᠤ ᠨᠤᠲᠠᠯᠠᠬᠤ᠂ ᠰᠢᠶᠠᠨ ᠤ ᠱᠠᠲᠤᠨ ᠤ ᠠᠷᠠᠳ ᠤᠨ ᠶᠠᠪᠤᠳᠠᠯ ᠠᠴᠠ ᠬᠢᠨᠠᠨ ᠬᠠᠮᠢᠶᠠᠷᠬᠤ᠂ ᠲᠣᠮᠣ ᠳ᠋ᠠᠶᠢᠲ᠋ᠠ ᠪᠠᠷ ᠬᠢᠨᠠᠯᠲᠠ ᠲᠠᠯᠪᠢᠬᠤ︾ ᠬᠠᠮᠢᠶᠠᠷᠤᠯᠲᠠ ᠶᠢᠨ ᠵᠠᠭᠪᠤᠷ ᠢ ᠪᠦᠭᠦ ᠬᠦᠴᠦᠨ ᠢᠶᠠᠷ ᠢᠶᠠᠨ ᠪᠦᠷᠢᠯᠳᠦᠭᠦᠯᠪᠡ᠃ ᠪᠦᠭᠦ ᠣᠷᠣᠨ ᠤ 2787 ᠨᠡᠶᠢᠭᠡᠮ ᠤᠨ ᠠᠪᠤᠷᠠᠨ ᠲᠤᠰᠠᠯᠠᠬᠤ ᠬᠠᠯᠠᠮᠰᠢᠯ ᠤᠲᠠᠰᠤ ᠶᠢ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠭᠤᠶᠤᠴᠢᠯᠠᠬᠤ ᠳᠤ ᠭᠠᠵᠠᠷ ᠲᠠᠢ᠂ ᠴᠠᠭ ᠲᠤᠬᠠᠢ ᠳᠤᠨᠢ ᠲᠤᠰᠠᠯᠠᠮᠵᠢ ᠭᠦᠷᠳᠡᠭᠦ ᠶᠢ ᠦᠨᠡᠨ ᠬᠦ ᠪᠠᠲᠤᠯᠠᠪᠠ᠃ ᠨᠡᠶᠢᠭᠡᠮ ᠤᠨ ᠠᠪᠤᠷᠠᠨ ᠲᠤᠰᠠᠯᠠᠬᠤ ᠶᠢ ᠭᠤᠶᠤᠴᠢᠯᠠᠬᠤ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ︽ᠢᠯᠡᠷᠬᠡᠶᠢᠯᠡᠯᠲᠡ︾ ᠪᠠᠷ ︽ᠭᠡᠷᠡᠴᠢᠯᠡᠯ︾ ᠶᠢ ᠣᠷᠣᠯᠠᠭᠤᠯᠪᠠ᠃ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠪᠠᠷ ᠬᠠᠷᠠᠯᠲᠠ ᠪᠣᠯᠭᠠᠨ᠂ ︽ᠬᠤᠶᠠᠷ ᠢ ᠰᠢᠯᠢᠳᠡᠭᠵᠢᠭᠦᠯᠬᠦ︾ ᠠᠵᠢᠯᠯᠠᠭ᠎ᠠ ᠶᠢ ᠥᠷᠨᠢᠭᠦᠯᠵᠦ᠂ ᠭᠤᠶᠤᠴᠢᠯᠠᠯ ᠤᠨ ᠮᠠᠲ᠋ᠧᠷᠢᠶᠠᠯ᠂ ᠠᠵᠢᠯ ᠶᠠᠪᠤᠳᠠᠯ ᠭᠦᠢᠴᠡᠳᠬᠡᠬᠦ ᠴᠠᠭ ᠬᠤᠭᠤᠴᠠᠭ᠎ᠠ ᠶᠢ ᠪᠠᠭᠠᠰᠬᠠᠬᠤ ᠶᠢ ᠦᠨᠡᠨ ᠬᠦ ᠪᠡᠶᠡᠯᠡᠭᠦᠯᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1