1 ᠊᠊᠊᠊ 10 ᠰᠠᠷ᠎ᠠ ᠳᠤ ᠮᠠᠨ ᠤ ᠣᠷᠣᠨ ᠤ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ ᠪᠦᠭᠦ ᠤᠯᠤᠰ ᠤᠨ ᠲᠡᠷᠢᠭᠦᠨ ᠪᠠᠶᠢᠷᠢᠨ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2023/12/14
      ᠬᠠᠮᠤᠭ ᠤᠨ ᠰᠢᠨ᠎ᠡ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1 - 10 ᠰᠠᠷ᠎ᠠ ᠳᠤ᠂ ᠮᠠᠨ ᠤ ᠣᠷᠣᠨ ᠤ ᠴᠠᠭᠢᠯᠭᠠᠨ ᠭᠠᠷᠭᠠᠭᠰᠠᠨ ᠬᠡᠮᠵᠢᠶ᠎ᠡ ᠨᠡᠶᠢᠲᠡ 6164 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 9.4 ᠬᠤᠪᠢ ᠳᠡᠭᠡᠭᠰᠢᠯᠡᠵᠦ᠂ ᠡᠨᠡ ᠵᠢᠯ ᠠᠴᠠ ᠨᠠᠭᠠᠰᠢᠬᠢ ᠲᠦᠷᠭᠡᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠨ ᠪᠠᠲᠤᠯᠠᠭᠰᠠᠨ ᠪᠠᠶᠢᠨ᠎ᠠ᠃ ᠪᠦᠭᠦ ᠣᠷᠣᠨ ᠤ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 2483 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠭᠦ ᠤᠯᠤᠰ ᠤᠨ ᠲᠡᠷᠢᠭᠦᠨ ᠪᠠᠶᠢᠷᠢᠨ ᠳᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 15.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 11.1 ᠬᠤᠪᠢ ᠳᠡᠭᠡᠭᠰᠢᠯᠡᠵᠡᠢ᠃      ᠣᠶᠢᠯᠠᠭᠠᠭᠰᠠᠨ ᠢᠶᠠᠷ᠂ 1993 ᠣᠨ ᠳᠤ ᠭᠠᠳᠠᠭᠰᠢ ᠬᠤᠸᠠᠪᠧᠢ ᠣᠷᠣᠨ ᠳᠤ ᠬᠦᠷᠭᠡᠬᠦ ᠠᠩᠬᠠᠳᠠᠭᠴᠢ 500 ᠺᠢᠯᠤᠸᠤᠯᠲ ᠤᠨ ᠴᠠᠭᠢᠯᠭᠠᠨ ᠬᠦᠷᠭᠡᠬᠦ ᠵᠠᠮ ᠱᠤᠭᠤᠮ ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ᠂ ᠮᠠᠨ ᠤ ᠣᠷᠣᠨ ᠤ ᠴᠠᠭᠢᠯᠭᠠᠨ ᠬᠦᠷᠭᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠣᠳᠣᠬᠠᠨ ᠳᠤ ᠨᠢᠭᠡᠨᠲᠡ 11 ᠵᠤᠷᠪᠤᠰ 500 ᠺᠢᠯᠤᠸᠤᠯᠲ ᠤᠨ ᠭᠡᠲᠦ ᠥᠨᠳᠥᠷ ᠬᠦᠴᠦᠳᠡᠯᠲᠦ᠂ 5 ᠵᠤᠷᠪᠤᠰ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠵᠠᠮ ᠱᠤᠭᠤᠮ ᠢ ᠪᠠᠶᠢᠭᠤᠯᠵᠤ᠂ ᠴᠠᠭᠢᠯᠭᠠᠨ ᠬᠦᠴᠦᠨ ᠤ ᠭᠠᠳᠠᠭᠰᠢ ᠬᠦᠷᠭᠡᠬᠦ ᠴᠢᠳᠠᠪᠤᠷᠢ 7000 ᠲᠦᠮᠡᠨ ᠺᠢᠯᠣᠸᠠᠲ ᠲᠤ ᠬᠦᠷᠴᠦ᠂ ᠴᠠᠭᠢᠯᠭᠠᠨ ᠬᠦᠷᠭᠡᠬᠦ ᠬᠡᠪᠴᠢᠶ᠎ᠡ ᠨᠢ ᠬᠤᠸᠠᠪᠧᠢ ᠣᠷᠣᠨ᠂ ᠵᠡᠭᠦᠨ ᠬᠤᠶᠢᠲᠤ ᠣᠷᠣᠨ᠂ ᠳᠣᠷᠣᠨᠠᠲᠤ ᠣᠷᠣᠨ᠂ ᠪᠠᠷᠠᠭᠤᠨ ᠬᠤᠶᠢᠲᠤ ᠣᠷᠣᠨ ᠢ ᠬᠠᠮᠤᠷᠤᠭᠰᠠᠨ ᠪᠠᠶᠢᠨ᠎ᠠ᠃ 2022 ᠣᠨ ᠳᠤ᠂ ᠮᠠᠨ ᠤ ᠣᠷᠣᠨ  ᠤ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 2640 ᠳ᠋ᠦᠩᠰᠢᠭᠤᠷ ᠭᠷᠡᠳᠦ᠋ᠰ ᠲᠤ ᠬᠦᠷᠴᠦ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 18 ᠵᠢᠯ ᠳᠠᠷᠠᠭᠠᠯᠠᠨ ᠪᠦᠭᠦ ᠤᠯᠤᠰ ᠲᠤ ᠲᠡᠷᠢᠭᠦᠯᠡᠪᠡ᠃      ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠣᠯ ᠮᠠᠨ ᠤ ᠣᠷᠣᠨ ᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ᠣᠳᠣᠬᠠᠨ ᠳᠤ᠂ ᠮᠠᠨ ᠤ ᠣᠷᠣᠨ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠰᠢᠨ᠎ᠡ ᠡᠨᠧᠷᠭᠢ ᠶᠢᠨ ᠲᠣᠣᠷ ᠲᠤ ᠵᠠᠯᠭᠠᠬᠤ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠨᠡᠪᠳᠡᠷᠡᠯ ᠵᠠᠮ ᠢ ᠢᠵᠢ ᠪᠦᠷᠢᠳᠦᠭᠦᠯᠦᠨ ᠪᠠᠶᠢᠭᠤᠯᠵᠤ᠂ ᠴᠠᠭᠢᠯᠭᠠᠨ ᠬᠦᠴᠦᠨ ᠤ ᠠᠷᠠᠯᠵᠢᠶ᠎ᠠ ᠪᠣᠯᠣᠨ ᠴᠠᠭᠢᠯᠭᠠᠨ ᠬᠠᠩᠭᠠᠬᠤ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠵᠦ ᠪᠤᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1