- ᠰᠣᠨᠤᠰᠬᠤᠯᠠᠷ ᠭᠠᠷ ᠤᠲᠠᠰᠤ ᠪᠠᠷ ᠲᠠᠷᠢᠶ᠎ᠠ ᠲᠠᠷᠢᠵᠤ ᠴᠢᠳᠠᠬᠤ ᠪᠣᠯᠤᠭᠰᠠᠨ ᠭᠡᠨ᠎ᠡ ᠤᠤ︖ | - ᠲᠡᠶᠢᠮᠦ ᠰᠢᠦ᠃ | ᠲᠣᠮᠣ ᠳ᠋ᠠᠶᠢᠲ᠋ᠠ᠂ ᠪᠠᠷᠠᠭᠠᠨ ᠤ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠳᠡᠭᠡ ᠵᠠᠩᠭᠢ ᠶᠢᠨ | ᠮᠡᠷᠭᠡᠵᠢᠯ ᠬᠥᠳᠡᠭᠡ ᠠᠵᠤ ᠠᠬᠤᠢ ᠲᠠᠢ ︽ᠭᠠᠷ ᠬᠤᠯᠪᠣᠯᠴᠠᠵᠤ︾ ︽ᠤᠷᠤᠭ ᠪᠠᠷᠢᠯᠳᠤᠬᠤ︾ ᠶᠢ ᠳᠠᠭᠠᠯᠳᠤᠨ᠂ ᠨᠠᠩ | ᠤᠯᠠᠨ ᠠᠵᠢᠯ ᠮᠡᠷᠭᠡᠵᠢᠯ ᠤᠨ ᠲᠠᠷᠢᠶᠠᠴᠢᠨ ᠭᠠᠷ ᠤᠲᠠᠰᠤᠨ ᠳᠡᠭᠡᠷ᠎ᠡ ᠪᠠᠨ ᠲᠠᠷᠢᠶ᠎ᠠ ᠲᠠᠷᠢᠵᠦ ᠡᠬᠢᠯᠡᠨ᠂ ᠲᠠᠷᠢᠶ᠎ᠠ | ᠲᠠᠷᠢᠬᠤ ᠳᠤ ︽ᠨᠢᠷᠤᠭᠤ ᠪᠥᠬᠦᠶᠢᠨ ᠠᠵᠢᠯᠯᠠᠵᠤ︾᠂ ︽ᠲᠡᠭᠷᠢ ᠶᠢᠨ ᠴᠢᠷᠠᠢ ᠬᠠᠷᠠᠵᠤ︾ ᠪᠠᠶᠢᠭᠰᠠᠨ ᠠᠴᠠ ᠪᠠᠨ ︽ᠲᠤᠭ᠎ᠠ | ᠪᠠᠷᠢᠮᠲᠠ ᠪᠠᠷ ᠰᠢᠢᠳᠪᠦᠷᠢᠯᠡᠬᠦ︾ ᠪᠣᠯᠤᠭᠰᠠᠨ ᠪᠠᠶᠢᠨ᠎ᠠ᠃ | 11 ᠰᠠᠷ᠎ᠠ ᠶᠢᠨ 26 ᠤ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠰᠠᠶᠢᠬᠠᠨ ᠲᠣᠭᠤᠷᠢᠭ ᠤᠨ ᠥᠪᠥᠷ | ᠮᠣᠩᠭᠤᠯ ᠤᠨ ᠵᠢᠶᠠ ᠱᠢ ᠲᠠᠷᠢᠶᠠᠯᠠᠩ ᠤᠨ ᠣᠶᠤᠨᠲᠤ ᠲᠠᠷᠢᠮᠠᠯ ᠤᠨ ᠰᠠᠭᠤᠷᠢᠨ ᠳᠤ ᠬᠦᠷᠬᠦ ᠳᠤ᠂ ᠮᠡᠷᠭᠡᠵᠢᠯ ᠤᠨ | ᠬᠠᠮᠢᠶᠠᠷᠤᠭᠴᠢ ᠯᠢᠦ ᠵᠢᠶᠠᠨ ᠤ ᠠᠯᠪᠠᠨ ᠭᠡᠷ ᠲᠡᠭᠡᠨ ᠰᠠᠭᠤᠭᠠᠳ ᠭᠠᠷ ᠤᠲᠠᠰᠤ ︽ᠨᠠᠭᠠᠳᠴᠤ︾ ᠪᠠᠶᠢᠯ᠎ᠠ᠃ ᠤᠤᠯ ᠨᠢ | ᠲᠡᠷᠡ ᠭᠠᠷ ᠤᠲᠠᠰᠤ ᠪᠠᠷ ᠦᠵᠦᠮ ᠤᠨ ᠬᠦᠯᠡᠮᠵᠢ ᠳᠤ ᠤᠭᠰᠠᠷᠠᠭᠰᠠᠨ ᠡᠯ᠎ᠡ ᠵᠦᠢᠯ ᠤᠨ ᠨᠥᠯᠦᠭᠡᠯᠡᠭᠦᠷ ᠤᠨ ᠲᠤᠭ᠎ᠠ | ᠪᠠᠷᠢᠮᠲᠠ ᠶᠢ ᠪᠠᠶᠢᠴᠠᠭᠠᠨ ᠦᠵᠡᠵᠦ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠭᠡᠷᠡᠯ ᠤᠨ ᠲᠤᠰᠤᠯᠲᠠ ᠶᠢᠨ | ᠴᠢᠩᠭ᠎ᠠ ᠰᠤᠯᠠ᠂ ᠬᠥᠷᠥᠰᠥᠨ ᠤ ᠰᠢᠮ᠎ᠡ ᠲᠡᠵᠢᠭᠡᠯ ᠤᠨ ᠠᠭᠤᠯᠤᠭᠳᠠᠴᠠ ᠵᠡᠷᠭᠡ ᠶᠢ ᠴᠠᠭ ᠲᠤᠬᠠᠢ ᠳᠤᠨᠢ ᠬᠢᠨᠠᠨ | ᠬᠡᠮᠵᠢᠵᠦ ᠪᠠᠶᠢᠭ᠎ᠠ ᠨᠢ ᠡᠨᠡ ᠠᠵᠢ᠃ | ︽ᠮᠠᠨ ᠤ ᠤᠳᠤ ᠶᠢᠨ ᠪᠠᠶᠢᠭ᠎ᠠ ᠡᠨᠡ ᠰᠠᠭᠤᠷᠢᠨ ᠵᠣᠬᠢᠶᠠᠮᠠᠯ ᠤᠶᠤᠨ ᠴᠢᠳᠠᠪᠤᠷᠢ ᠶᠢᠨ ᠰᠢᠰᠲ᠋ᠧᠮ ᠢᠶᠠᠷ | ᠳᠠᠮᠵᠢᠭᠤᠯᠤᠨ ᠴᠤᠭᠯᠠᠭᠤᠯᠤᠭᠰᠠᠨ ᠲᠤᠭ᠎ᠠ ᠪᠠᠷᠢᠮᠲᠠ ᠶᠢ ᠵᠠᠳᠠᠯᠤᠨ ᠰᠢᠢᠳᠪᠦᠷᠢᠯᠡᠵᠦ᠂ ᠬᠦᠯᠡᠮᠵᠢ ᠶᠢᠨ ᠳᠣᠲᠣᠷᠠᠬᠢ | ᠲᠠᠷᠢᠮᠠᠯ ᠤᠨ ᠤᠷᠭᠤᠯᠲᠠ ᠳᠤ ᠬᠠᠮᠤᠭ ᠤᠨ ᠲᠣᠬᠢᠷᠠᠮᠵᠢᠲᠠᠢ ᠣᠷᠴᠢᠨ ᠲᠣᠭᠤᠷᠢᠨ ᠢ ᠳᠠᠭᠤᠷᠢᠶᠠᠯᠭᠠᠨ ᠵᠣᠬᠢᠶᠠᠵᠤ᠂ | ᠡᠭᠦᠨ ᠤ ᠤᠯᠠᠮ ᠢᠶᠠᠷ ᠤᠰᠤ ᠬᠠᠩᠭᠠᠬᠤ ᠰᠢᠰᠲ᠋ᠧᠮ᠂ ᠴᠢᠭᠢᠭᠲᠦᠭᠦᠯᠬᠦ ᠲᠥᠬᠦᠭᠡᠷᠦᠮᠵᠢ᠂ ᠡᠪᠬᠡᠮᠡᠯ ᠤᠷᠭᠢᠭᠤᠯ ᠤᠨ | ᠲᠥᠬᠦᠭᠡᠷᠦᠮᠵᠢ᠂ ᠰᠡᠭᠦᠳᠡᠷ ᠬᠠᠯᠬᠠᠯᠠᠬᠤ ᠲᠥᠬᠦᠭᠡᠷᠦᠮᠵᠢ᠂ ᠪᠣᠷᠳᠣᠭᠤᠷ ᠣᠷᠣᠭᠤᠯᠬᠤ ᠰᠢᠰᠲ᠋ᠧᠮ ᠵᠡᠷᠭᠡ ᠶᠢ ᠠᠯᠤᠰ | ᠠᠴᠠ ᠠᠦ᠋ᠲ᠋ᠣᠴᠢᠯᠠᠨ ᠡᠵᠡᠮᠳᠡᠵᠦ᠂ ᠬᠦᠯᠡᠮᠵᠢ ᠶᠢᠨ ᠳᠣᠲᠣᠷᠠᠬᠢ ᠲᠠᠷᠢᠮᠠᠯ ᠤᠨ ᠤᠷᠭᠤᠯᠲᠠ ᠶᠢᠨ ᠣᠷᠴᠢᠨ | ᠲᠣᠭᠤᠷᠢᠨ ᠢ ᠰᠠᠶᠢᠵᠢᠷᠠᠭᠤᠯᠤᠨ᠂ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ ᠲᠣᠬᠢᠷᠠᠭᠤᠯᠵᠤ᠂ ᠦᠢᠯᠡᠳᠬᠦᠨ ᠤ | ᠶᠠᠰᠤ ᠴᠢᠨᠠᠷ ᠢ ᠰᠠᠶᠢᠵᠢᠷᠠᠭᠤᠯᠤᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ | ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠭᠦ ᠵᠣᠷᠢᠯᠭ᠎ᠠ ᠳᠤ ᠭᠦᠷᠳᠡᠭ︾ ᠭᠡᠵᠦ ᠯᠢᠦ ᠵᠢᠶᠠᠨ ᠶᠠᠷᠢᠵᠤ ᠪᠠᠶᠢᠯ᠎ᠠ᠃ | ᠣᠶᠤᠨᠲᠤ ᠲᠠᠷᠢᠶᠠᠯᠠᠩ ᠨᠢ ᠲᠠᠷᠢᠶᠠᠴᠢᠳ ᠢ ᠬᠦᠨᠳᠦ ᠨᠦᠰᠡᠷ ᠪᠡᠶ᠎ᠡ ᠶᠢᠨ ᠭᠦᠳᠡᠯᠮᠦᠷᠢ ᠠᠴᠠ ᠴᠢᠯᠦᠭᠡᠯᠡᠵᠦ᠂ | ᠡᠶᠢᠮᠦᠷᠬᠦᠦ ᠭᠦᠳᠡᠯᠮᠦᠷᠢ ᠬᠦᠴᠦ ᠲᠥᠪᠯᠡᠷᠡᠭᠰᠡᠨ ᠭᠡᠯᠪᠡᠷᠢ ᠶᠢᠨ ᠲᠥᠬᠦᠭᠡᠷᠦᠮᠵᠢᠲᠦ ᠲᠠᠷᠢᠶᠠᠯᠠᠩ ᠡᠷᠭᠢᠯᠡᠭᠦ ᠳᠤ ᠨᠡᠩ | ᠳᠥᠭᠦᠮ ᠳᠥᠲᠡ ᠥᠨᠳᠥᠷ ᠪᠦᠲᠦᠮᠵᠢᠲᠡᠢ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ | ᠬᠥᠭᠵᠢᠯᠲᠡ ᠶᠢᠨ ᠲᠡᠰ ᠳᠡᠪᠰᠢᠬᠦ ᠶᠢ ᠠᠬᠢᠭᠤᠯᠪᠠ᠃ | ︽ᠡᠨᠡ ᠵᠢᠯ ᠪᠢᠳᠡ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠤᠯᠭᠠᠵᠤ᠂ ᠰᠠᠶᠢᠬᠠᠨ ᠲᠣᠭᠤᠷᠢᠭ ᠤᠨ | ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠾᠧ ᠯᠢᠨ ᠲᠣᠰᠬᠤᠨ ᠤ ᠬᠠᠶᠠᠭᠳᠠᠮᠠᠯ ᠬᠠᠭᠤᠴᠢᠨ ᠬᠦᠯᠡᠮᠵᠢ᠂ | ᠭᠡᠭᠡᠭᠰᠡᠨ ᠢᠨᠵᠧᠨᠧᠷᠢᠩ ᠤᠨ ᠴᠢᠬᠢ ᠪᠣᠶᠢᠵᠢᠭᠤᠯᠬᠤ ᠣᠶᠢᠲᠤ ᠭᠠᠵᠠᠷ ᠪᠣᠯᠣᠨ ᠬᠡᠰᠡᠭ ᠠᠲᠠᠷᠰᠢᠭᠰᠠᠨ ᠭᠠᠵᠠᠷ ᠢ | ᠨᠤᠷᠠᠭᠠᠬᠤ᠂ ᠴᠡᠪᠡᠷᠯᠡᠬᠦ᠂ ᠰᠡᠯᠪᠢᠨ ᠵᠠᠰᠠᠬᠤ ᠪᠠ ᠥᠭᠡᠷᠡᠴᠢᠯᠡᠵᠦ᠂ 680 ᠮᠦ ᠲᠥᠬᠦᠭᠡᠷᠦᠮᠵᠢᠲᠦ ᠲᠠᠷᠢᠶᠠᠯᠠᠩ ᠳᠤ | ᠬᠡᠷᠡᠭᠯᠡᠬᠦ ᠭᠠᠵᠠᠷ ᠢ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠰᠢᠯᠵᠢᠭᠦᠯᠦᠨ ᠥᠭᠪᠡ︾᠃ ᠰᠠᠶᠢᠬᠠᠨ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠢᠳᠡᠰᠢᠨ ᠨᠣᠭᠤᠭ᠎ᠠ | ᠵᠢᠭᠠᠰᠤᠨ ᠠᠵᠤ ᠠᠬᠤᠢ ᠶᠢᠨ ᠲᠠᠰᠤᠭ ᠤᠨ ᠳᠠᠷᠤᠭ᠎ᠠ ᠰᠢᠦᠢ ᠵᠢᠶᠦ᠋ᠨ ᠼᠠᠢ᠄ ᠨᠢᠳᠤᠨᠤᠨ ᠤ ᠵᠢᠯ ᠤᠨ ᠰᠡᠭᠦᠯᠴᠢ ᠪᠠᠷ | ᠥᠪᠥᠷ ᠮᠣᠩᠭᠤᠯ ᠤᠨ ᠵᠢᠶᠠ ᠱᠢ ᠲᠠᠷᠢᠶᠠᠯᠠᠩ ᠤᠨ ᠣᠶᠤᠨᠲᠤ ᠲᠠᠷᠢᠮᠠᠯ ᠤᠨ ᠰᠠᠭᠤᠷᠢᠨ ᠤ ᠲᠦᠷᠦᠯ ᠵᠦᠢᠯ ᠢ | ᠣᠷᠣᠭᠤᠯᠤᠨ ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ ᠨᠢ 7000 ᠲᠦᠮᠡᠨ ᠲᠥᠭᠦᠷᠢᠭ ᠲᠤ ᠬᠦᠷᠴᠦ᠂ ᠡᠨᠡ | ᠵᠢᠯ ᠤᠨ 3 ᠰᠠᠷ᠎ᠠ ᠳᠤ ᠪᠠᠷᠢᠯᠭ᠎ᠠ ᠡᠬᠢᠯᠡᠭᠦᠯᠵᠦ᠂ ᠨᠢᠭᠡᠳᠦᠭᠡᠷ ᠬᠤᠭᠤᠴᠠᠭᠠᠨ ᠤ ᠲᠠᠯᠠᠪᠠᠢ ᠨᠢ 360 ᠮᠦ ᠪᠠᠶᠢᠵᠤ᠂ | ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 4000 ᠲᠦᠮᠡᠨ ᠲᠥᠭᠦᠷᠢᠭ ᠲᠤ ᠬᠦᠷᠴᠦ᠂ 33 ᠲᠣᠮᠣ ᠬᠦᠯᠡᠮᠵᠢ | ᠪᠠᠶᠢᠭᠤᠯᠵᠤ᠂ ᠪᠦᠷ ᠦᠵᠦᠮ ᠳᠠᠷᠢᠵᠠᠢ᠃ ᠬᠤᠶᠠᠳᠤᠭᠠᠷ ᠬᠤᠭᠤᠴᠠᠭᠠᠨ ᠳᠤ 320 ᠮᠦ ᠭᠠᠵᠠᠷ ᠡᠵᠡᠯᠡᠵᠦ᠂ ᠶᠡᠷᠦᠩᠬᠡᠢ | ᠪᠡᠯᠡ ᠣᠷᠣᠭᠤᠯᠤᠯᠲᠠ ᠨᠢ ᠪᠠᠷᠤᠭ 3000 ᠲᠦᠮᠡᠨ ᠲᠥᠭᠦᠷᠢᠭ ᠲᠤ ᠬᠦᠷᠴᠦ᠂ ᠣᠲᠣ ᠶᠠᠭ 26 ᠲᠣᠮᠣ ᠬᠦᠯᠡᠮᠵᠢ | ᠪᠠᠷᠢᠵᠤ ᠪᠠᠶᠢᠨ᠎ᠠ᠂ ᠡᠭᠦᠨ ᠢ ᠪᠦᠭᠦᠨ ᠢᠶᠠᠷ ᠨᠢ ᠴᠢᠨᠠᠷ ᠰᠠᠶᠢᠲᠠᠢ ᠨᠠᠷᠰᠦ ᠳᠠᠷᠢᠬᠤ ᠳᠤ ᠬᠡᠷᠡᠭᠯᠡᠵᠦ᠂ ᠵᠢᠱᠢᠯᠲᠡ ᠪᠠᠷ 12 | ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ ᠰᠠᠭᠤᠷᠢᠨ ᠳᠤ ᠴᠥᠮ ᠣᠶᠤᠨᠴᠢ ᠡᠵᠡᠮᠰᠢᠯ ᠰᠢᠰᠲ᠋ᠧᠮ ᠤᠭᠰᠠᠷᠠᠵᠤ᠂ | ᠨᠢᠭᠡᠨᠲᠡ ᠪᠦᠷᠢᠨ ᠠᠦ᠋ᠲ᠋ᠣ᠋ ᠡᠵᠡᠮᠰᠢᠯ ᠢ ᠪᠡᠶᠡᠯᠡᠭᠦᠯᠵᠡᠢ ᠭᠡᠵᠦ ᠰᠤᠷᠪᠤᠯᠵᠢᠯᠠᠬᠴᠢ ᠳᠤ ᠲᠠᠨᠢᠯᠴᠠᠭᠤᠯᠪᠠ᠃ | ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠲᠤᠰ ᠰᠠᠭᠤᠷᠢᠨ ᠳᠤ ᠮᠦ ᠳᠤᠮᠳᠠᠴᠢ ᠳᠤ 70 ᠰᠠᠭᠤᠷᠢ | ᠦᠵᠦᠮ ᠤᠨ ᠮᠣᠳᠣ ᠳᠠᠷᠢᠵᠤ᠂ ᠮᠦ ᠳᠤᠮᠳᠠᠴᠢ ᠶᠢᠨ ᠤᠨᠠᠯᠲᠠ ᠨᠢ 5000 ᠵᠢᠩ ᠠᠴᠠ ᠳᠡᠭᠡᠭᠰᠢ ᠪᠠᠶᠢᠵᠤ᠂ ᠵᠠᠬ᠎ᠠ | ᠳᠡᠯᠭᠡᠭᠦᠷ ᠤᠨ ᠬᠥᠭᠵᠢᠶᠡᠨ ᠦᠭᠡᠢ ᠤᠯᠠᠷᠢᠯ ᠪᠠ ᠬᠥᠭᠵᠢᠶᠡᠨ ᠲᠠᠢ ᠤᠯᠠᠷᠢᠯ ᠤᠨ ᠳᠤᠮᠳᠠᠴᠢ ᠦᠨ᠎ᠡ ᠶᠢ ᠵᠢᠩ | ᠪᠦᠷᠢ ᠳᠡᠭᠡᠨ 20 ᠲᠥᠭᠦᠷᠢᠭ ᠢᠶᠠᠷ ᠪᠤᠳᠤᠪᠠᠯ᠂ ᠬᠦᠷᠢᠶᠡᠯᠡᠩ ᠲᠣᠭᠤᠷᠢᠭ ᠤᠨ ᠵᠢᠯ ᠤᠨ ᠣᠷᠣᠯᠭ᠎ᠠ ᠨᠢ 2400 | ᠲᠦᠮᠡᠨ ᠲᠥᠭᠦᠷᠢᠭ ᠲᠤ ᠬᠦᠷᠬᠦ ᠪᠣᠯᠣᠨ᠎ᠠ᠃ | ᠡᠭᠦᠨ ᠤ ᠵᠡᠷᠭᠡ ᠪᠠᠷ᠂ ᠰᠠᠭᠤᠷᠢᠨ ᠤ ᠬᠢᠨ ᠪᠠᠰᠠ ᠲᠠᠷᠢᠶᠠᠯᠠᠩ ᠤᠨ ᠲᠤᠰᠬᠠᠢ ᠮᠡᠷᠭᠡᠵᠢᠯ ᠤᠨ ᠶᠡᠭᠡ | ᠰᠤᠷᠭᠠᠭᠤᠯᠢ ᠲᠡᠭᠦᠰᠦᠭᠰᠡᠨ10 ᠣᠶᠤᠲᠠᠨ ᠢ ᠭᠥᠯᠢᠶᠡᠨ ᠠᠪᠴᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠢ | ᠳᠠᠶᠢᠴᠢᠯᠠᠨ ᠤᠷᠲᠤ ᠬᠤᠭᠤᠴᠠᠭ᠎ᠠ ᠪᠠᠷ 50 ᠭᠠᠷᠤᠢ ᠬᠥᠮᠥᠨ ᠳᠤ ᠲᠣᠭᠲᠠᠪᠤᠷᠢᠲᠠᠢ ᠠᠵᠢᠯ ᠣᠯᠭᠤᠵᠤ᠂ 200 | ᠭᠠᠷᠤᠢ ᠬᠥᠮᠥᠨ ᠳᠤ ᠤᠯᠠᠷᠢᠯ ᠤᠨ ᠴᠢᠨᠠᠷᠲᠠᠢ ᠠᠵᠢᠯ ᠣᠯᠭᠤᠵᠤ᠂ ᠲᠠᠷᠢᠶᠠᠴᠢᠳ ᠲᠤ ᠵᠢᠯ ᠳᠤ 300 ᠭᠠᠷᠤᠢ ᠲᠦᠮᠡᠨ | ᠲᠥᠭᠦᠷᠢᠭ ᠤᠨ ᠣᠷᠣᠯᠭ᠎ᠠ ᠨᠡᠮᠡᠭᠳᠡᠭᠦᠯᠬᠦ ᠪᠣᠯᠣᠨ᠎ᠠ᠃ | ᠰᠠᠶᠢᠬᠠᠨ ᠲᠣᠭᠤᠷᠢᠭ ᠲᠤ᠂ ᠣᠶᠤᠨᠲᠤ ᠲᠠᠷᠢᠶᠠᠯᠠᠩ ᠨᠢ ᠵᠥᠪᠭᠡᠨ ᠵᠢᠶᠠ ᠱᠢ ᠲᠠᠷᠢᠶᠠᠯᠠᠩ ᠤᠨ ᠣᠶᠤᠨᠲᠤ | ᠲᠠᠷᠢᠮᠠᠯ ᠤᠨ ᠰᠠᠭᠤᠷᠢᠨ ᠢᠶᠠᠷ ᠲᠣᠭᠲᠠᠬᠤ ᠲᠡᠳᠦᠢ ᠪᠢᠰᠢ᠃ | ︽ᠡᠨᠡ ᠵᠢᠯ᠂ ᠰᠠᠶᠢᠬᠠᠨ ᠲᠣᠭᠤᠷᠢᠭ ᠤᠨ ᠭᠤᠣᠯᠳᠠᠯᠭ᠎ᠠ ᠲᠠᠢ ᠣᠷᠣᠭᠤᠯᠤᠨ ᠠᠪᠴᠢᠷᠠᠭᠰᠠᠨ ᠮᠣᠩᠭᠤᠯ | ᠵᠢᠭᠤᠯᠴᠢᠯᠠᠯ ᠤᠨ ᠲᠡᠮᠳᠡᠭᠯᠡᠯ᠂ ᠷᠦᠨ ᠽᠧ ᠶᠤᠸᠠᠨ᠂ ᠵᠢᠶᠠ ᠱᠢ ᠲᠠᠷᠢᠶᠠᠯᠠᠩ ᠵᠡᠷᠭᠡ 3 ᠲᠥᠷᠥᠯ ᠵᠦᠢᠯ ᠳᠤ ᠨᠡᠶᠢᠲᠡ | 2.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠤᠰ ᠵᠢᠯ ᠤᠨ ᠪᠡᠯᠡ ᠣᠷᠣᠭᠤᠯᠤᠯᠲᠠ᠂ ᠲᠤᠰ ᠵᠢᠯ ᠤᠨ | ᠪᠦᠲᠦᠭᠡᠨ ᠪᠠᠶᠢᠭᠤᠯᠤᠯᠲᠠ᠂ ᠲᠤᠰ ᠵᠢᠯ ᠤᠨ ᠡᠵᠡᠩᠨᠡᠯᠲᠡ ᠶᠢ ᠪᠦᠭᠦᠨ ᠢ ᠪᠡᠶᠡᠯᠡᠭᠦᠯᠦᠭᠰᠡᠨ ᠪᠥᠭᠡᠳ ᠬᠠᠮᠤᠭ ᠤᠨ | ᠲᠡᠷᠢᠭᠦᠨ ᠤ ᠣᠶᠤᠨᠴᠢᠯᠠᠭᠰᠠᠨ ᠬᠠᠮᠢᠶᠠᠷᠤᠯᠲᠠ ᠶᠢᠨ ᠡᠵᠡᠮᠳᠡᠯ ᠰᠢᠰᠲ᠋ᠧᠮ ᠢ ᠢᠵᠢ ᠪᠦᠷᠢᠳᠦᠭᠦᠯᠵᠦ᠂ ᠲᠥᠬᠦᠭᠡᠷᠦᠮᠵᠢᠲᠦ | ᠲᠠᠷᠢᠶᠠᠯᠠᠩ ᠤᠨ ᠦᠢᠯᠡᠳᠪᠦᠷᠢᠯᠡᠯ ᠤᠨ ᠪᠠᠷᠢᠮᠵᠢᠶᠠᠵᠢᠯᠲᠠ᠂ ᠡᠷᠴᠢᠮᠵᠢᠯᠲᠡ᠂ ᠠᠦ᠋ᠲ᠋ᠣᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠪᠡ︾᠃ ᠰᠢᠦᠢ ᠵᠢᠶᠦ᠋ᠨ ᠼᠠᠢ᠂ ᠲᠠᠷᠠᠭᠠᠴᠢ ᠶᠢᠨ ᠠᠯᠬᠤᠮ ᠳᠤ ᠪᠢᠳᠡ ᠨᠠᠩ ᠣᠯᠠᠨ ᠲᠥᠷᠥᠯ ᠵᠦᠢᠯ ᠢ | ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠪᠣᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠩ ᠢ | ᠯᠠᠪᠳᠠᠭᠤᠨ ᠢᠶᠠᠷ ᠲᠠᠰ ᠳᠡᠪᠰᠢᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠰᠠᠶᠢᠬᠠᠨ ᠲᠣᠭᠤᠷᠢᠭ ᠤᠨ | ᠬᠦᠴᠦᠨ ᠴᠢᠳᠠᠯ ᠢᠶᠠᠨ ᠡᠷᠭᠦᠨ᠎ᠡ ᠭᠡᠵᠡᠢ᠃ |