ᠮᠠᠨ ᠤ ᠣᠷᠣᠨ ᠨᠥᠬᠦᠪᠦᠷᠢ ᠪᠠᠭᠤᠯᠭᠠᠵᠤ ᠠᠮᠢᠳᠤᠷᠠᠯ ᠬᠦᠴᠢᠷᠳᠡᠯᠲᠡᠢ ᠪᠡᠶ᠎ᠡ ᠪᠠᠨ ᠳᠠᠭᠠᠭᠠᠬᠤ ᠴᠢᠳᠠᠪᠤᠷᠢ  ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠬᠤ ᠦᠢᠯᠡᠴᠢᠯᠡᠭᠡ ᠶᠢ ᠲᠡᠮᠵᠢᠵᠤ ᠪᠤᠢ
ᠨᠡᠶᠢᠲᠡᠯᠡᠭᠰᠡᠨ ᠴᠠᠭ᠄
2023/12/14
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠮᠢᠳᠤᠷᠠᠯ ᠬᠦᠴᠢᠷᠳᠡᠯᠲᠡᠢ ᠪᠡᠶ᠎ᠡ  ᠪᠠᠨ ᠳᠠᠭᠠᠭᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠠᠶᠢᠮᠠᠭ ᠬᠤᠲᠠ ᠳᠤ 8418 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠪᠠ᠃      ᠨᠥᠬᠦᠪᠦᠷᠢ ᠮᠥᠩᠭᠦ ᠶᠢ ᠲᠠᠷᠬᠠᠭᠠᠭᠰᠠᠨ ᠨᠢ ᠨᠠᠰᠤᠲᠠᠶᠢᠴᠤᠳ ᠢ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠶᠢ ᠦᠷᠭᠦᠯᠵᠢᠯᠡᠭᠦᠯᠬᠦ᠂ ᠳᠡᠯᠭᠡᠷᠡᠭᠦᠯᠵᠦ ᠪᠣᠯᠬᠤᠶᠢᠴᠠ ᠦᠢᠯᠡᠴᠢᠯᠡᠭᠡᠨ ᠤ ᠵᠠᠭᠪᠤᠷ ᠪᠣᠯᠣᠨ ᠪᠠᠲᠤᠯᠠᠭ᠎ᠠ ᠶᠢᠨ ᠲᠣᠭᠲᠠᠴᠠ ᠶᠢ ᠴᠢᠨᠠᠭᠰᠢᠳᠠ ᠰᠦᠪᠡᠭᠴᠢᠯᠡᠨ ᠪᠠᠶᠢᠭᠤᠯᠵᠤ᠂  ᠪᠦᠭᠦ ᠣᠷᠣᠨ ᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠪᠠᠷ ᠵᠣᠷᠢᠯᠭ᠎ᠠ  ᠪᠠᠨ ᠪᠣᠯᠭᠠᠵᠠᠢ᠃      ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠲᠥᠪ ᠤᠨ ᠡᠳ᠋ ᠤᠨ ᠵᠠᠰᠠᠭ ᠠᠴᠠ ᠠᠮᠢᠳᠤᠷᠠᠯ ᠬᠦᠴᠢᠷᠳᠡᠯᠲᠡᠢ ᠪᠡᠶ᠎ᠡ ᠪᠠᠨ ᠳᠠᠭᠠᠭᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠳᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠲᠦᠰᠢᠭᠯᠡᠵᠦ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠴᠤ ᠤᠷᠮᠠᠰᠢᠭᠤᠯᠬᠤ ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠲᠡᠮᠵᠢᠵᠤ᠂ ᠠᠮᠢᠳᠤᠷᠠᠯ ᠬᠦᠴᠢᠷᠳᠡᠯᠲᠡᠢ ᠪᠡᠶ᠎ᠡ ᠪᠠᠨ ᠳᠠᠭᠠᠭᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠪᠣᠯᠣᠨ᠎ᠠ᠃ ᠠᠮᠢᠳᠤᠷᠠᠯ ᠬᠦᠴᠢᠷᠳᠡᠯᠲᠡᠢ ᠪᠡᠶ᠎ᠡ ᠪᠠᠨ ᠳᠠᠭᠠᠭᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠳᠡᠮᠵᠢᠵᠦ᠂ ︽ᠤᠷᠢᠳᠴᠢᠯᠠᠨ ᠦᠨᠡᠯᠡᠨ ᠵᠢᠱᠢᠬᠦ᠂ ᠤᠷᠢᠳ  ᠢᠶᠠᠷ  ᠣᠷᠣᠵᠤ ᠰᠠᠭᠤᠬᠤ᠂ ᠳᠠᠷᠠᠭ᠎ᠠ ᠨᠢ ᠠᠪᠤᠷᠠᠨ ᠲᠤᠰᠠᠯᠠᠬᠤ︾ ᠠᠵᠢᠯ ᠤᠨ ᠲᠠᠰ ᠳᠠᠷᠠᠭᠠᠯᠠᠯ ᠶᠣᠰᠣᠭᠠᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠭᠰᠠᠨ ᠠᠮᠢᠳᠤᠷᠠᠯ ᠬᠦᠴᠢᠷᠳᠡᠯᠲᠡᠢ ᠪᠡᠶ᠎ᠡ ᠪᠠᠨ ᠳᠠᠭᠠᠭᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠠᠪᠤᠷᠠᠨ ᠲᠤᠰᠠᠯᠠᠬᠤ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1