ᠲᠣᠭᠲᠠᠬᠤ ᠰᠢᠶᠠᠨ᠄ ︽ᠳᠥᠷᠪᠡᠨ ᠭᠠᠵᠠᠷ ᠨᠢᠭᠡ ᠲᠢᠩᠬᠢᠮ︾ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ︽ᠪᠠᠲᠤᠴᠠᠭᠠᠨ︾ ᠤ ᠦᠵᠡᠮᠵᠢ ᠶᠢ ᠬᠠᠮᠲᠤ ᠪᠠᠷ ᠪᠠᠶᠢᠭᠤᠯᠤᠨ᠎ᠠ
ᠨᠡᠶᠢᠲᠡᠯᠡᠭᠰᠡᠨ ᠴᠠᠭ᠄
2023/12/18
      ᠲᠣᠭᠲᠠᠬᠤ ᠰᠢᠶᠠᠨ ᠮᠠᠤ ᠽᠦ ᠳ᠋ᠦᠩ ᠨᠥᠬᠦᠷ ᠤᠨ ᠴᠣᠬᠤᠯᠠᠪᠤᠷᠢᠯᠠᠭᠰᠠᠨ ︽ᠹᠥ᠋ᠩᠴᠢᠶᠤᠤ ᠶᠢᠨ ᠲᠤᠷᠰᠢᠯᠭ᠎ᠠ ︾ ᠶᠢ ᠰᠤᠷᠤᠯᠴᠠᠨ ᠳᠡᠯᠭᠡᠷᠡᠭᠦᠯᠦᠭᠰᠡᠨ 60 ᠵᠢᠯ ᠤᠨ ᠤᠢ ᠶᠢ ᠳᠤᠷᠠᠰᠬᠠᠬᠤ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠦᠷᠢᠯᠠᠭᠰᠠᠨ ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠭᠰᠡᠨ 20 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠡᠢ᠃ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠠᠷᠭᠤ ᠶᠢᠨ ᠢᠷᠡᠯᠲᠡ ᠶᠢ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠵᠥᠷᠢᠴᠡᠯ ᠵᠠᠭᠤᠷᠠᠯᠳᠤᠭᠠᠨ ᠤ ᠣᠨᠴᠠᠯᠢᠭ ᠲᠠᠢ ᠤᠶᠠᠯᠳᠤᠭᠤᠯᠤᠨ ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ ᠲᠥᠰᠥᠯ᠂ ᠵᠠᠭᠪᠤᠷ ᠢ ᠲᠣᠭᠲᠠᠭᠠᠵᠤ᠂ ︽ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠭᠤᠣᠯᠯᠠᠨ ᠤᠳᠤᠷᠢᠳᠴᠤ᠂ ᠠᠵᠢᠯ ᠲᠦᠷᠦᠯ ᠤᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠨ ᠱᠠᠲᠤᠨ ᠳᠤ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠢᠶᠠᠷ ᠢᠶᠠᠨ ᠬᠠᠮᠵᠢᠯᠴᠠᠵᠤ᠂ ᠪᠦᠬᠦ ᠠᠷᠠᠳ ᠢᠶᠠᠷ ᠢᠶᠠᠨ ᠣᠷᠣᠯᠴᠠᠵᠤ᠂ ᠬᠠᠤᠯᠢ ᠶᠣᠰᠣᠭᠠᠷ ᠵᠠᠰᠠᠬᠤ︾ ᠶᠡᠭᠡ ᠪᠠᠶᠢᠷᠢᠰᠢᠯ ᠢ ᠪᠠᠶᠢᠭᠤᠯᠪᠠ᠃ ︽ᠳᠥᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠣᠷᠭᠠᠨᠢᠭ ᠢᠶᠠᠷ ᠵᠣᠯᠭᠠᠭᠤᠯᠬᠤ᠂ ᠵᠣᠬᠢᠴᠠᠭᠤᠯᠤᠨ ᠬᠥᠳᠡᠯᠦᠯᠴᠡᠬᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠮᠠᠨ ᠤ ᠰᠢᠶᠠᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠪᠠᠲᠤ ᠴᠢᠩᠭ᠎ᠠ ᠳᠦᠷᠢᠮ ᠤᠨ ᠪᠠᠲᠤᠯᠠᠭ᠎ᠠ ᠬᠠᠩᠭᠠᠪᠠ᠃      2023 ᠣᠨ ᠤ 10 ᠳ᠋ᠤᠭᠠᠷ ᠰᠠᠷ᠎ᠠ ᠶᠢᠨ 5 ᠤ ᠡᠳᠦᠷ᠂ ᠬᠥᠯᠥᠰᠦᠨ  ᠠᠵᠢᠯᠴᠢᠨ ᠸᠠᠩ ᠣᠪᠣᠭᠲᠤ ᠭᠦ᠋ ᠴᠧᠩ ᠪᠠᠯᠭᠠᠰᠤᠨ ᠤ ᠰᠢᠷᠡᠭᠡᠳᠦ ᠲᠣᠰᠬᠤᠨ ᠤ ᠨᠢᠭᠡᠨ ᠪᠠᠷᠢᠯᠭ᠎ᠠ ᠶᠢᠨ ᠠᠵᠢᠯ ᠬᠢᠵᠦ ᠪᠠᠶᠢᠬᠤ ᠳᠠᠭᠠᠨ ᠬᠢᠴᠢᠶᠡᠮᠵᠢ ᠦᠭᠡᠢ ᠪᠠᠷ ᠬᠤᠶᠠᠳᠤᠭᠠᠷ ᠳᠠᠪᠬᠤᠷᠯᠢᠭ ᠠᠴᠠ ᠣᠶᠢᠴᠢᠪᠠ᠂ ᠪᠠᠷᠢᠯᠭ᠎ᠠ ᠶᠢᠨ ᠲᠠᠯ᠎ᠠ ᠶᠢᠨ ᠬᠢᠨ ᠲᠡᠷᠡ ᠳᠠᠷᠤᠢ ᠳᠤᠨᠢ 120 ᠶᠢ ᠳᠠᠭᠤᠳᠠᠵᠤ᠂ ᠲᠡᠷᠡ ᠳᠠᠷᠤᠢ ᠳᠤᠨᠢ ᠸᠠᠩ ᠣᠪᠣᠭᠲᠤ ᠶᠢ ᠬᠥᠬᠡᠬᠤᠲᠠ ᠶᠢᠨ ᠨᠢᠭᠡᠨ ᠡᠮᠨᠡᠯᠭᠡ ᠶᠢᠨ ᠬᠤᠷᠢᠶᠠᠨ ᠳᠤ ᠬᠦᠷᠭᠡᠵᠦ ᠲᠦᠷᠭᠡᠨ ᠠᠪᠤᠷᠠᠯᠳᠠ ᠬᠢᠯᠭᠡᠵᠡᠢ᠂ ᠭᠡᠪᠡᠴᠦ ᠡᠴᠦᠰ ᠲᠡᠭᠡᠨ ᠲᠠᠷᠢᠬᠢ ᠶᠢᠨ ᠭᠡᠮᠲᠦᠯ ᠠᠴᠠ ᠪᠣᠯᠵᠤ ᠡᠮᠨᠡᠯᠭᠡ ᠶᠢᠨ ᠬᠤᠷᠢᠶ᠎ᠠ ᠠᠴᠠ ᠦᠬᠦᠭᠰᠡᠨ ᠢ ᠲᠣᠳᠣᠯᠠᠵᠠᠢ᠃ ᠬᠡᠷᠡᠭ ᠭᠠᠷᠤᠭᠰᠠᠨ ᠤ ᠳᠠᠷᠠᠭ᠎ᠠ᠂ ᠦᠬᠦᠭᠰᠡᠳ ᠤᠨ ᠭᠡᠷ ᠪᠦᠯᠢ᠂ ᠣᠶᠢᠷ᠎ᠠ ᠲᠥᠷᠥᠯ ᠰᠠᠳᠤᠨ ᠬᠡᠳᠦᠨ ᠠᠷᠪᠠᠨ ᠬᠥᠮᠥᠨ ᠭᠦ᠋ ᠴᠧᠩ ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠴᠤᠭᠯᠠᠷᠠᠨ᠂ ᠪᠠᠷᠢᠯᠭ᠎ᠠ ᠶᠢᠨ ᠲᠠᠯ᠎ᠠ ᠬᠥᠬᠡᠬᠤᠲᠠ ᠶᠢᠨ ᠨᠢᠭᠡᠨ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠷ ᠡᠮᠨᠡᠯᠭᠡ ᠶᠢᠨ ᠵᠠᠷᠤᠳᠠᠯ᠂ ᠲᠥᠯᠥᠪᠦᠷᠢ ᠮᠥᠩᠭᠦ᠂ ᠣᠷᠣᠰᠢᠭᠤᠯᠭ᠎ᠠ ᠶᠢᠨ ᠵᠠᠷᠤᠳᠠᠯ᠂ ᠪᠡᠯᠪᠡᠰᠦᠷᠡᠯ ᠤᠨ ᠶᠠᠪᠤᠳᠠᠯ ᠢ ᠰᠢᠢᠳᠪᠦᠷᠢᠯᠡᠭᠰᠡᠨ ᠬᠥᠮᠥᠰ ᠤᠨ ᠠᠵᠢᠯ ᠰᠠᠭᠠᠲᠠᠭᠰᠠᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ ᠵᠡᠷᠭᠡ ᠨᠡᠶᠢᠲᠡ 100 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠲᠥᠯᠥᠭᠦᠯᠬᠦ ᠪᠠᠷ ᠱᠠᠭᠠᠷᠳᠠᠭᠰᠠᠨ ᠪᠠᠶᠢᠨ᠎ᠠ᠃ ᠵᠥᠪᠳᠡᠯᠴᠡᠭᠡᠨ ᠤ ᠳᠤᠮᠳᠠ᠂ ᠵᠥᠷᠢᠴᠡᠯ ᠲᠠᠢ ᠬᠤᠶᠠᠷ ᠲᠠᠯ᠎ᠠ ᠪᠠᠷ ᠢᠶᠠᠨ ᠰᠢᠷᠦᠭᠦᠨ ᠮᠠᠷᠭᠤᠭᠠᠨ ᠡᠭᠦᠰᠴᠡᠢ᠃ ᠨᠠᠷᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠭᠦ᠋ ᠴᠧᠩ ᠪᠠᠯᠭᠠᠰᠤᠨ ᠤ ᠨᠠᠮ ᠤᠨ ᠬᠤᠷᠢᠶ᠎ᠠ ᠨᠢ ᠨᠠᠮ ᠤᠨ ᠬᠤᠷᠢᠶᠠᠨ ᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠠᠵᠢᠯᠳᠠᠨ ᠢ ᠳᠠᠭᠠᠭᠤᠯᠤᠨ ᠭᠦ᠋ ᠴᠧᠩ ᠪᠠᠯᠭᠠᠰᠤᠨ ᠤ ᠬᠠᠤᠯᠢ  ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠳᠥᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠢ ᠳᠤᠨᠢ ᠡᠬᠢᠯᠡᠭᠦᠯᠵᠦ᠂ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠯᠭᠠᠭᠤᠯᠤᠨ ᠬᠠᠮᠲᠤᠷᠠᠨ ᠬᠥᠳᠡᠯᠦᠯᠴᠡᠬᠦ᠂ ᠬᠠᠮᠵᠢᠯᠴᠠᠨ ᠰᠢᠢᠳᠪᠦᠷᠢᠯᠡᠬᠦ ᠶᠢ ᠥᠷᠨᠢᠭᠦᠯᠪᠡ᠃ ᠡᠶᠡᠳᠡᠭᠦᠯᠬᠦ ᠶᠠᠪᠤᠴᠠ ᠳᠤ᠂ ᠭᠦ᠋ ᠴᠧᠩ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠲᠡᠷᠡ ᠳᠠᠷᠤᠢ ᠳᠤᠨᠢ ᠭᠡᠷ ᠪᠦᠯᠢ ᠶᠢᠨ ᠬᠢᠨ ᠤ ᠰᠡᠳᠬᠢᠯᠭᠡ ᠶᠢ ᠲᠠᠶᠢᠳᠬᠤᠷᠠᠭᠤᠯᠵᠤ᠂ ᠰᠠᠨᠠᠭᠠᠴᠢᠯᠠᠭ᠎ᠠ ᠠᠴᠠ ᠪᠠᠨ ᠭᠡᠷ ᠪᠦᠯᠢ  ᠶᠢᠨ ᠬᠢᠨ ᠤ ᠳᠤᠮᠳᠠ ᠵᠣᠭᠰᠣᠨ ᠬᠦᠯᠢᠴᠡᠩᠭᠦᠢ ᠪᠠᠷ ᠢᠳᠬᠠᠨ ᠰᠤᠷᠭᠠᠵᠤ᠂ ᠭᠡᠷ ᠪᠦᠯᠢ ᠶᠢᠨ ᠬᠢᠨ ᠤ ᠰᠡᠳᠬᠢᠯᠭᠡ ᠶᠢ ᠲᠣᠭᠲᠠᠭᠤᠨ ᠪᠣᠯᠭᠠᠵᠠᠢ᠃ ᠭᠦ᠋ ᠴᠧᠩ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠠᠶ  ᠶᠢᠨ ᠡᠮᠬᠢ ᠵᠢᠷᠤᠮ ᠢ ᠬᠠᠮᠠᠭᠠᠯᠠᠵᠤ᠂ ᠵᠥᠷᠢᠴᠡᠯ ᠲᠠᠢ ᠬᠤᠶᠠᠷ ᠲᠠᠯ᠎ᠠ ᠪᠠᠷ ᠢᠶᠠᠨ ᠬᠡᠲᠦᠷᠡᠮᠡᠬᠡᠢ ᠠᠵᠢᠯᠯᠠᠭ᠎ᠠ ᠬᠢᠬᠦ ᠶᠢ ᠰᠡᠷᠭᠡᠶᠢᠯᠡᠵᠡᠢ᠃ ᠱᠠᠩ ᠪᠧᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠢ ᠲᠤᠰᠢᠶᠠᠯᠲᠤ ᠬᠠᠤᠯᠢᠴᠢ ᠠᠴᠠ ᠡᠯ᠎ᠡ ᠲᠠᠯ᠎ᠠ ᠶᠢᠨ ᠲᠤᠬᠠᠢ ᠶᠢᠨ ᠬᠥᠮᠥᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠨ ᠥᠭᠴᠦ᠂ ᠬᠠᠤᠯᠢ ᠵᠦᠢ ᠶᠢᠨ ᠲᠠᠯ᠎ᠠ ᠠᠴᠠ ᠲᠣᠰ ᠤᠳᠠᠭᠠᠨ ᠤ ᠠᠳᠡᠯ ᠤᠨ ᠳᠤᠮᠳᠠᠬᠢ ᠡᠯ᠎ᠡ ᠲᠠᠯ᠎ᠠ ᠶᠢᠨ ᠬᠠᠷᠢᠴᠠᠭ᠎ᠠ ᠪᠠ ᠬᠠᠷᠢᠭᠤᠴᠠᠯᠭ᠎ᠠ ᠶᠢ ᠡᠮᠬᠢᠯᠡᠨ ᠵᠠᠳᠠᠯᠤᠭᠰᠠᠨ ᠪᠠᠶᠢᠨ᠎ᠠ᠃ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠲᠥᠯᠥᠪᠦᠷᠢ ᠶᠢᠨ ᠵᠣᠭᠤᠰ ᠤᠨ ᠲᠤᠭ᠎ᠠ ᠶᠢᠨ ᠲᠣᠭᠤᠷᠢᠨ ᠳᠤ ᠭᠡᠷ ᠪᠦᠯᠢ ᠶᠢᠨ ᠬᠢᠨ ᠪᠠ ᠪᠠᠷᠢᠯᠭ᠎ᠠ ᠶᠢᠨ ᠲᠠᠯ᠎ᠠ ᠶᠢᠨ ᠲᠥᠯᠥᠭᠡᠯᠡᠭᠴᠢ ᠲᠠᠢ ᠲᠤᠰ ᠲᠤᠰ ᠲᠤᠰᠠᠭᠠᠷ ᠨᠡᠪᠲᠡᠷᠡᠯᠴᠡᠵᠦ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠵᠢᠴᠢ ᠲᠤᠰ ᠬᠡᠷᠡᠭ ᠢ ᠰᠢᠢᠳᠪᠦᠷᠢᠯᠡᠬᠦ ᠠᠳᠠᠯᠢ ᠪᠤᠰᠤ ᠠᠷᠭ᠎ᠠ ᠵᠠᠮ ᠢᠶᠠᠷ ᠡᠭᠦᠰᠦᠭᠰᠡᠨ ᠠᠰᠢᠭ ᠬᠤᠣᠷ ᠤᠨ ᠬᠠᠷᠢᠴᠠᠭ᠎ᠠ ᠶᠢ ᠦᠨᠡᠨ ᠢ ᠪᠠᠷᠢᠮᠲᠠᠯᠠᠨ ᠵᠠᠳᠠᠯᠬᠤ ᠪᠠᠷ ᠭᠤᠣᠯᠳᠠᠯᠭ᠎ᠠ ᠪᠠᠨ ᠪᠤᠯᠭᠠᠪᠠ᠃ ᠬᠤᠶᠠᠷ ᠲᠠᠯ᠎ᠠ ᠶᠢᠨ ᠲᠠᠨᠢᠨ ᠮᠡᠳᠡᠬᠦᠢ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠬᠤᠶᠠᠷ ᠲᠠᠯ᠎ᠠ ᠶᠢᠨ ᠰᠡᠳᠬᠢᠴᠡ ᠶᠢᠨ ᠵᠢᠱᠢᠯᠲᠡ ᠶᠢ ᠲᠡᠩᠴᠡᠭᠦᠷᠢᠲᠡᠢ ᠪᠤᠯᠭᠠᠵᠠᠢ᠃      ᠭᠤᠷᠪᠠᠨ ᠡᠳᠦᠷ ᠭᠠᠷᠤᠢ ᠡᠶᠡᠳᠡᠭᠦᠯᠬᠦ ᠪᠠᠷ ᠳᠠᠮᠵᠢᠭᠠᠳ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠲᠥᠯᠥᠪᠦᠷᠢ ᠶᠢᠨ ᠲᠤᠭ᠎ᠠ ᠬᠡᠮᠵᠢᠶ᠎ᠡ ᠶᠢᠨ ᠲᠠᠯ᠎ᠠ ᠪᠠᠷ ᠡᠴᠦᠰ ᠲᠡᠭᠡᠨ ᠰᠠᠨᠠᠯ ᠨᠢᠭᠡᠳᠦᠭᠰᠡᠨ ᠪᠥᠭᠡᠳ ᠪᠠᠯᠭᠠᠰᠤᠨ ᠤ ᠵᠠᠰᠠᠭ ᠤᠨ ᠣᠷᠳᠣᠨ ᠪᠣᠯᠣᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠤ ᠬᠠᠮᠲᠤ ᠶᠢᠨ ᠭᠡᠷᠡᠴᠢᠯᠡᠭᠡ   ᠶᠢᠨ ᠳᠣᠣᠷ᠎ᠠ ᠲᠤᠬᠠᠢ ᠶᠢᠨ ᠬᠤᠶᠠᠷ ᠲᠠᠯ᠎ᠠ ᠪᠠᠷ ᠢᠶᠠᠨ ︽ᠡᠶᠡᠳᠡᠭᠦᠯᠭᠡ ᠶᠢᠨ ᠬᠡᠯᠡᠯᠴᠡᠭᠡᠷ ᠤᠨ ᠪᠢᠴᠢᠭ︾ ᠳᠡᠭᠡᠷ᠎ᠡ ᠭᠠᠷ ᠤᠨ ᠦᠰᠦᠭ ᠵᠢᠷᠤᠵᠤ ᠮᠠᠷᠭᠤᠯᠳᠤᠭᠠᠨ ᠢ ᠵᠣᠭᠰᠣᠭᠠᠪᠠ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ︽ᠲᠦᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠭᠦᠢᠴᠡᠳ ᠰᠠᠶᠢᠲᠤᠷ ᠬᠡᠷᠡᠭᠯᠡᠨ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠠᠷᠢᠯᠭᠠᠵᠤ᠂ ᠲᠤᠬᠠᠢ ᠶᠢᠨ ᠭᠠᠵᠠᠷ ᠲᠤᠨᠢ ᠰᠢᠩᠭᠡᠭᠡᠵᠦ᠂ ᠰᠣᠶᠣᠭᠠᠯᠠᠯ ᠳᠤᠨᠢ ᠠᠷᠢᠯᠭᠠᠵᠤ᠂ ᠠᠷᠠᠳ ᠤᠨ ᠡᠶᠡᠳᠡᠭᠦᠯᠭᠡ ᠶᠢᠨ ᠪᠦᠲᠦᠮᠵᠢ ᠶᠢᠨ ᠨᠤᠷᠮ᠎ᠠ᠂ ᠢᠷᠭᠡᠨ ᠤ ᠵᠠᠷᠭᠤ ᠶᠢᠨ ᠬᠡᠷᠡᠭ ᠤᠨ ᠡᠶᠡᠳᠡᠭᠦᠯᠭᠡ ᠶᠢᠨ ᠨᠤᠷᠮ᠎ᠠ᠂ ᠡᠶᠡᠳᠡᠭᠦᠯᠭᠡ ᠶᠢᠨ ᠬᠠᠤᠯᠢ ᠴᠠᠭᠠᠵᠠ ᠶᠢᠨ ᠨᠤᠲᠠᠯᠠᠯᠲᠠ ᠶᠢᠨ ᠨᠤᠷᠮ᠎ᠠ ᠶᠢᠨ ︽ᠭᠤᠷᠪᠠ ᠶᠢ ᠳᠡᠭᠡᠭᠰᠢᠯᠡᠭᠦᠯᠬᠦ︾ ᠶᠢ ᠪᠡᠶᠡᠯᠡᠭᠦᠯᠵᠦ᠂ ᠠᠮᠤᠷ ᠲᠠᠶᠢᠪᠤᠩ ᠲᠤᠭᠳᠠᠬᠤ ᠶᠢ ᠡᠭᠦᠳᠦᠨ ᠪᠠᠶᠢᠭᠤᠯᠬᠤ ᠳᠤ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1