ᠡᠨᠡ ᠵᠢᠯ ᠠᠴᠠ ᠨᠠᠰᠢ᠂ ᠲᠣᠭᠲᠠᠬᠤ ᠰᠢᠶᠠᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ | ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠣᠣᠷᠵᠢᠯ ᠤᠨ ᠴᠢᠳᠠᠪᠬᠢ ᠶᠢ ᠬᠦᠴᠦᠯᠡᠨ | ᠴᠢᠩᠭᠠᠳᠬᠠᠵᠤ᠂ ᠲᠣᠣᠷᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠲᠣᠣᠷᠵᠢᠯ ᠤᠨ ᠬᠦᠴᠦᠨ ᠢ | ᠪᠤᠵᠠᠭᠠᠶᠢᠷᠠᠭᠤᠯᠵᠤ᠂ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠪᠦᠬᠦ ᠣᠷᠣᠨ ᠪᠦᠰᠡ ᠶᠢ | ᠪᠦᠷᠬᠦᠭᠰᠡᠨ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠬᠠᠮᠢᠶᠠᠷᠤᠯᠲᠠ ᠡᠮᠬᠢ ᠵᠢᠷᠤᠮ ᠲᠠᠢ ᠲᠣᠣᠷᠵᠢᠯ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠢᠨ᠎ᠡ ᠵᠠᠭᠪᠤᠷ ᠢ ᠳᠠᠰᠤᠷᠠᠯᠳᠠ ᠦᠭᠡᠢ ᠰᠢᠨᠡᠴᠢᠯᠡᠪᠡ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠲᠣᠣᠷᠵᠢᠯ ᠢ | ᠨᠠᠷᠢᠯᠢᠭᠵᠢᠭᠤᠯᠤᠨ ᠬᠠᠮᠢᠶᠠᠷᠬᠤ︾ ᠪᠠᠷ ᠭᠠᠷᠳᠠᠴᠠ ᠪᠣᠯᠭᠠᠵᠤ᠂ ᠰᠢᠶᠠᠩ ᠪᠠᠯᠭᠠᠰᠤᠨ ᠤ ︽ᠲᠣᠮᠣ ᠠᠵᠢᠯ ᠤᠨ | ᠬᠤᠷᠢᠶ᠎ᠠ︾᠂ ᠨᠡᠶᠢᠭᠡᠮ ᠲᠣᠭᠤᠷᠢᠭ ᠤᠨ ︽ᠲᠣᠮᠣ ᠨᠠᠮ ᠤᠨ ᠬᠤᠷᠢᠶ᠎ᠠ︾᠂ ᠲᠣᠣᠷᠵᠢᠯ ᠤᠨ ︽ᠲᠣᠮᠣ ᠨᠠᠮ ᠤᠨ | ᠡᠭᠦᠷ︾ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ | ᠲᠥᠷᠥᠯ ᠤᠨ ᠲᠣᠣᠷᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠰᠢᠶᠠᠨ᠂ | ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶᠂ ᠲᠣᠣᠷᠵᠢᠯ᠂ ᠠᠰᠠᠷ᠂ ᠨᠢᠭᠡᠴᠡ ︽ᠵᠢᠷᠭᠤᠭᠠᠨ ᠱᠠᠲᠤ | ᠬᠤᠯᠪᠤᠭᠠᠯᠠᠨ ᠬᠥᠳᠡᠯᠦᠯᠴᠡᠬᠦ︾ ᠵᠠᠰᠠᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ ︽ᠰᠦᠯᠵᠢᠶᠡᠨ ᠤ ᠨᠠᠮ ᠤᠨ | ᠡᠭᠦᠷ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠰᠦᠯᠵᠢᠶᠡᠨ ᠤ ᠨᠠᠮ ᠤᠨ ᠡᠭᠦᠷ ᠢ | 137 ᠪᠠᠶᠢᠭᠤᠯᠵᠤ᠂ ᠰᠦᠯᠵᠢᠶᠡᠨ ᠤ ᠨᠠᠮ ᠤᠨ ᠳᠤᠭᠤᠶᠢᠯᠠᠩ ᠢ 283 ᠪᠠᠶᠢᠭᠤᠯᠪᠠ᠃ ᠪᠦᠬᠦ ᠰᠢᠶᠠᠨ ᠤ ᠤᠤᠯ ᠤᠨ | 345 ᠲᠣᠣᠷ ᠢ ᠰᠢᠨᠵᠢᠯᠡᠬᠦ ᠤᠬᠠᠭᠠᠨᠴᠢ ᠪᠠᠷ ᠨᠡᠶᠢᠯᠡᠭᠦᠯᠦᠭᠡᠳ 231 ᠪᠣᠯᠭᠠᠵᠤ᠂ ᠣᠳᠣᠬᠠᠨ ᠳᠤ ᠪᠦᠬᠦ ᠰᠢᠶᠠᠨ ᠤ | 17 ᠨᠡᠶᠢᠭᠡᠮ ᠲᠣᠭᠤᠷᠢᠭ ᠲᠤ ᠨᠡᠶᠢᠳᠡ 121 ᠲᠣᠣᠷ ᠢ ᠬᠤᠪᠢᠶᠠᠷᠢᠯᠠᠵᠤ᠂ 120 ᠵᠠᠰᠠᠭ ᠵᠠᠬᠢᠷᠭᠠᠨ ᠤ | ᠲᠣᠰᠬᠤᠨ ᠳᠤ ᠨᠡᠶᠢᠳᠡ 110 ᠬᠥᠳᠡᠭᠡ ᠲᠣᠰᠬᠤᠨ ᠤ ᠲᠣᠣᠷ ᠢ ᠬᠤᠪᠢᠶᠠᠷᠢᠯᠠᠪᠠ᠃ | | | | | ᠲᠣᠭᠲᠠᠬᠤ ᠰᠢᠶᠠᠨ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽︽ᠣᠷᠣᠨ ᠤ ᠲᠥᠪ | ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ︾ | ᠵᠢᠴᠢ ︽ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ | ᠬᠥᠲᠥᠯᠥᠨ ᠳᠠᠭᠠᠭᠤᠯᠬᠤ ᠠᠵᠢᠯᠯᠠᠭ᠎ᠠ ᠶᠢᠨ ᠲᠥᠰᠥᠯ︾ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠬᠠᠮᠢᠶᠠᠷᠤᠯᠲᠠ ᠶᠢᠨ ᠠᠷᠭ᠎ᠠ︾ ︽ᠨᠡᠶᠢᠭᠡᠮ ᠲᠣᠭᠤᠷᠢᠭ ᠤᠨ ᠳᠠᠷᠤᠭᠠᠰᠤ ᠶᠢ | ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠦᠨ ᠡᠨᠧᠷᠭᠢ ᠣᠯᠭᠤᠬᠤ ᠠᠵᠢᠯ ᠤᠨ ᠬᠡᠷᠡᠭᠵᠢᠭᠦᠯᠬᠦ ᠰᠠᠨᠠᠯ︾ ︽ | ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠢᠵᠢ ᠪᠦᠷᠢᠳᠦᠭᠰᠡᠨ ᠳᠦᠷᠢᠮ᠂ 6 | ᠪᠠᠯᠭᠠᠰᠤᠨ ᠤ ᠲᠠᠰ᠂ 137 ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ | ᠳᠡᠭᠡᠳᠦ ᠳᠣᠣᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠵᠠᠭᠪᠤᠷ ᠢ ᠬᠡᠷᠡᠭᠯᠡᠨ᠂ ᠡᠯ᠎ᠡ ᠱᠠᠲᠤᠨ ᠤ | ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠪᠠᠯᠭᠠᠰᠤ ︵ᠲᠥᠪ︶ ᠪᠠᠷ ᠭᠤᠣᠯ ᠴᠣᠭᠴᠠ ᠪᠣᠯᠭᠠᠵᠤ᠂ | ᠡᠯ᠎ᠡ ᠲᠣᠰᠬᠤᠨ ︵ᠨᠡᠶᠢᠭᠡᠮ ᠲᠣᠭᠤᠷᠢᠭ︶ ᠢᠶᠠᠷ ᠬᠦᠴᠦᠯᠡᠬᠦ ᠴᠡᠭ ᠪᠣᠯᠭᠠᠵᠤ᠂ ᠰᠦᠯᠵᠢᠶᠡᠨ ᠤ ᠲᠠᠰᠤᠯᠪᠤᠷᠢ ᠪᠠᠷ | ᠦᠨᠳᠦᠰᠦᠨ ᠨᠢᠭᠡᠴᠡ ᠪᠣᠯᠭᠠᠵᠤ᠂ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ ᠨᠢ ᠠᠰᠠᠭᠤᠳᠠᠯ ᠢ ᠴᠤᠭᠯᠠᠭᠤᠯᠵᠤ᠂ | ᠳᠡᠭᠡᠭᠰᠢ ᠳᠣᠷᠣᠭᠰᠢ ᠳᠠᠮᠵᠢᠭᠤᠯᠵᠤ᠂ ᠡᠬᠢ ᠪᠠᠶᠠᠯᠢᠭ ᠢ ᠵᠣᠬᠢᠴᠠᠭᠤᠯᠤᠨ᠎ᠠ︔ ᠰᠦᠯᠵᠢᠶᠡᠨ ᠤ ᠠᠵᠢᠯᠲᠠᠨ ᠠᠷᠠᠳ ᠤᠨ | ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠰᠠᠭᠤᠭᠠᠯᠢ ᠠᠷᠠᠳ ᠤᠨ ᠬᠡᠷᠡᠭ ᠶᠠᠪᠤᠳᠠᠯ ᠢ ᠣᠷᠣᠯᠠᠨ | ᠭᠦᠢᠴᠡᠳᠬᠡᠬᠦ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠣᠨᠴᠠᠭᠠᠶ ᠬᠥᠮᠥᠰ ᠢ ᠬᠠᠪᠰᠤᠷᠤᠨ ᠰᠤᠷᠭᠠᠬᠤ᠂ | ᠨᠡᠭᠦᠳᠡᠯ ᠬᠥᠮᠥᠨ ᠠᠮᠠ ᠶᠢ ᠬᠠᠮᠢᠶᠠᠷᠬᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ | ᠶᠡᠷᠦᠩᠬᠡᠶᠢᠯᠡᠨ ᠭᠦᠢᠴᠡᠳᠬᠡᠨ᠎ᠡ᠃ | | | | | ᠠᠷᠠᠳ ᠤᠨ ᠠᠮᠢᠳᠤᠷᠠᠯ ᠤᠨ ᠦᠢᠯᠡᠴᠢᠯᠡᠭᠡ ᠪᠠᠷ ᠭᠤᠣᠯ ᠭᠠᠷᠳᠠᠴᠠ ᠪᠣᠯᠭᠠᠵᠤ᠂ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ᠂ ᠠᠷᠠᠳ ᠤᠨ ᠠᠮᠢᠳᠤᠷᠠᠯ ᠤᠨ ᠰᠠᠯᠠᠭ᠎ᠠ ᠮᠥᠴᠢᠷ᠂ ᠤᠰᠤ ᠴᠠᠬᠢᠯᠭᠠᠨ ᠬᠡᠢ ᠳᠤᠯᠠᠭᠠᠯᠭ᠎ᠠ ᠵᠡᠷᠭᠡ | ᠠᠵᠤ ᠠᠬᠤᠶᠢᠯᠠᠯ ᠤᠨ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠦᠭᠰᠡᠨ ᠦᠢᠯᠡᠴᠢᠯᠡᠭᠡ ᠶᠢ ᠨᠡᠶᠢᠳᠬᠡᠵᠦ᠂ ︽ᠪᠠᠭ᠎ᠠ | ᠶᠠᠪᠤᠳᠠᠯ ᠢ ᠦᠪᠡᠷ ᠢᠶᠠᠨ ᠬᠦᠷᠭᠡᠬᠦ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ | ᠦᠨᠳᠦᠰᠦᠨ ᠱᠠᠲᠤᠨ ᠳᠤ ᠰᠢᠢᠳᠪᠦᠷᠢᠯᠡᠬᠦ︾ ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ | ᠠᠯᠤᠰ ᠤᠨ ᠲᠥᠯᠥᠪ ᠢ ᠪᠡᠶᠡᠯᠡᠭᠦᠯᠪᠡ᠃ ᠣᠳᠣᠬᠠᠨ ᠳᠤ ᠲᠤᠰᠢᠶᠠᠯ ᠬᠠᠪᠰᠤᠷᠭᠠᠭᠰᠠᠨ ᠰᠦᠯᠵᠢᠶᠡᠨ ᠤ ᠠᠵᠢᠯᠲᠠᠨ | ᠨᠢᠭᠡᠨᠲᠡ 4418 ᠪᠣᠯᠵᠤ᠂ ᠵᠥᠷᠢᠴᠡᠯ ᠵᠢᠭᠤᠷᠠᠯᠳᠤᠭᠠᠨ ᠢ ᠬᠤᠯᠪᠣᠯᠳᠤᠭᠤᠯᠤᠨ ᠲᠣᠬᠢᠷᠠᠭᠤᠯᠬᠤ᠂ ᠨᠡᠶᠢᠭᠡᠮ ᠤᠨ | ᠠᠮᠤᠷ ᠲᠦᠪᠰᠢᠨ ᠢ ᠬᠤᠯᠪᠣᠯᠳᠤᠭᠤᠯᠤᠨ ᠰᠡᠷᠭᠡᠶᠢᠯᠡᠬᠦ᠂ ᠣᠯᠠᠨ ᠡᠰᠢᠲᠦ ᠵᠠᠰᠠᠯᠲᠠ ᠶᠢ ᠬᠤᠯᠪᠣᠯᠳᠤᠭᠤᠯᠬᠤ ᠶᠢ | ᠪᠡᠶᠡᠯᠡᠭᠦᠯᠵᠡᠢ᠃ ᠡᠭᠦᠨ ᠳᠤ ᠤᠯᠤᠰ ᠲᠦᠷᠦ ᠬᠠᠤᠯᠢ ᠴᠠᠭᠠᠵᠠ ᠶᠢᠨ ᠰᠦᠯᠵᠢᠶᠡᠨ ᠤ ᠠᠵᠢᠯᠲᠠᠨ 816 ᠬᠥᠮᠥᠨ | ᠪᠠᠶᠢᠵᠤ᠂ ︽ᠰᠦᠯᠵᠢᠶᠡᠨ ᠤ ᠲᠠᠰᠤᠯᠪᠤᠷᠢ +N︾ ᠬᠤᠯᠪᠤᠭᠠᠯᠠᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ | ᠣᠳᠣᠬᠠᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ 70 ᠭᠠᠷᠤᠢ | ᠤᠳᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢ 16 ᠤᠳᠠᠭ᠎ᠠ ᠥᠷᠨᠢᠭᠦᠯᠵᠦ᠂ ᠠᠮᠤᠷ ᠲᠦᠪᠰᠢᠨ ᠤ ᠭᠡᠮ | ᠰᠣᠭᠤᠭ ᠢ 85 ᠳᠠᠷᠠᠭᠠᠯᠠᠨ ᠪᠠᠶᠢᠴᠠᠭᠠᠵᠤ᠂ ᠡᠯ᠎ᠡ ᠲᠦᠷᠦᠯ ᠤᠨ 280 ᠵᠥᠷᠢᠴᠡᠯ ᠵᠢᠭᠤᠷᠠᠯᠳᠤᠭᠠᠨ ᠢ ᠢᠳᠡᠪᠬᠢᠲᠡᠢ | ᠰᠢᠢᠳᠪᠦᠷᠢᠯᠡᠵᠦ᠂ 3030 ᠡᠷᠦᠬᠡ ᠰᠠᠭᠤᠭᠠᠯᠢ ᠠᠷᠠᠳ ᠲᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠭᠤᠯᠭ᠎ᠠ ᠶᠢ ᠥᠷᠨᠢᠭᠦᠯᠵᠦ᠂ ᠤᠯᠠᠨ ᠲᠦᠮᠡᠨ ᠤ ᠲᠤᠰᠬᠠᠯ ᠲᠣᠪᠣᠶᠢᠮ᠎ᠠ 15 ᠠᠰᠠᠭᠤᠳᠠᠯ ᠢ ᠰᠢᠢᠳᠪᠦᠷᠢᠯᠡᠵᠦ᠂ | ᠤᠯᠠᠨ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠵᠢ ᠶᠢᠨ | ᠬᠡᠮᠵᠢᠶ᠎ᠡ ᠶᠢ ᠮᠡᠳᠡᠷᠡᠭᠦᠯᠪᠡ᠃ | | | | | ᠠᠵᠢᠯ ᠤᠨ ᠬᠤᠪᠢᠶᠠᠷᠢᠯᠠᠯ ᠪᠠ ᠮᠡᠳᠡᠭᠡ ᠵᠠᠩᠭᠢ ᠶᠢᠨ ᠰᠢᠯᠵᠢᠯᠲᠡ ᠶᠢ ᠵᠦᠢ ᠵᠣᠬᠢᠰᠲᠠᠢ ᠬᠢᠵᠦ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠳᠤᠮᠳᠠᠬᠢ ᠡᠯ᠎ᠡ ᠲᠦᠷᠦᠯ ᠤᠨ ᠠᠰᠠᠭᠤᠳᠠᠯ ᠤᠨ ᠰᠡᠷᠭᠡᠭ ᠴᠢᠨᠠᠷ ᠪᠠ | ᠲᠤᠰᠬᠠᠯ ᠤᠨ ᠬᠤᠷᠳᠤᠴᠠ ᠶᠢ ᠨᠡᠮᠡᠭᠳᠡᠭᠦᠯᠦᠭᠰᠡᠨ ᠤ ᠤᠯᠠᠮ ᠠᠴᠠ ᠠᠷᠠᠳ ᠤᠨ ᠲᠥᠯᠥᠭᠡ ᠠᠵᠢᠯᠯᠠᠬᠤ ᠠᠵᠢᠯ ᠤᠨ | ᠪᠦᠬᠦᠯᠢ ᠴᠣᠭᠴᠠ ᠶᠢᠨ ︽ᠨᠡᠮᠡᠭᠳᠡᠯ ᠤᠨ ᠬᠤᠷᠳᠤᠴᠠ ᠶᠢ ᠨᠡᠮᠡᠭᠳᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ | ᠶᠢ ᠪᠡᠶᠡᠯᠡᠭᠦᠯᠵᠦ᠂ ᠲᠣᠭᠲᠠᠬᠤ ᠰᠢᠶᠠᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠡᠢ᠃ | ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠲᠣᠣᠷᠵᠢᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠰᠦᠯᠵᠢᠶᠡᠨ ᠤ ᠠᠵᠢᠯᠲᠠᠨ ᠤ ᠲᠤᠰᠬᠠᠢ | ᠮᠡᠷᠭᠡᠵᠢᠯ ᠤᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠦᠯᠵᠢᠶᠡᠨ ᠤ ᠦᠢᠯᠡᠴᠢᠯᠡᠭᠡᠨ ᠤ | ᠬᠠᠮᠢᠶᠠᠷᠤᠯᠲᠠ ᠶᠢᠨ ᠠᠵᠢᠯ ᠤᠨ ᠳᠦᠷᠢᠮ ᠲᠣᠭᠲᠠᠴᠠ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠨᠠᠩ ᠣᠯᠠᠨ | ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠣᠯᠠᠨ ᠡᠰᠢᠲᠦ ᠭᠤᠤᠯ ᠴᠣᠭᠴᠠ ᠶᠢᠨ | ᠰᠦᠯᠵᠢᠶᠡᠨ ᠤ ᠬᠠᠮᠢᠶᠠᠷᠤᠯᠲᠠ ᠳᠤ ᠣᠷᠣᠯᠴᠠᠬᠤ ᠶᠢ ᠬᠥᠲᠥᠯᠥᠨ ᠵᠢᠯᠤᠭᠤᠳᠴᠤ᠂ ᠬᠥᠮᠥᠨ ᠪᠣᠯᠭᠠᠨ ︽ | ᠰᠦᠯᠵᠢᠶᠡᠨ ᠤ ᠬᠠᠮᠠᠭᠠᠯᠠᠭᠴᠢ︾ ᠪᠣᠯᠬᠤ ᠪᠠᠷ ᠴᠢᠷᠮᠠᠶᠢᠬᠤ ᠠᠭᠤᠷ ᠠᠮᠢᠰᠬᠤᠯ ᠢ ᠪᠣᠶ ᠪᠣᠯᠭᠠᠵᠤ᠂ ᠰᠦᠯᠵᠢᠶᠡᠨ ᠤ | ᠦᠢᠯᠡᠴᠢᠯᠡᠭᠡᠨ ᠤ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢ ᠨᠠᠷᠢᠯᠢᠭᠵᠢᠭᠤᠯᠤᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |