ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠬᠠᠬᠢᠷ ᠡᠪᠦᠯ ᠳᠤ ᠬᠠᠶᠢᠷ᠎ᠠ ᠬᠠᠯᠠᠮᠵᠢ ᠬᠦᠷᠭᠡᠶ᠎ᠡ︾ ᠲᠡᠨᠦᠭᠦᠴᠢᠯᠡᠨ ᠭᠤᠶᠢᠷᠠᠨᠴᠢᠯᠠᠭᠴᠢᠳ ᠢ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/12/18
      ᠣᠶᠢᠷ᠎ᠠ ᠳᠤ᠂ ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠬᠠᠬᠢᠷ ᠡᠪᠦᠯ ᠳᠤ ᠬᠠᠶᠢᠷ᠎ᠠ ᠬᠠᠯᠠᠮᠵᠢ ᠬᠦᠷᠭᠡᠶ᠎ᠡ︾ ᠲᠡᠨᠦᠭᠦᠯ ᠭᠤᠶᠢᠷᠠᠨᠴᠢᠳ ᠢ ᠬᠠᠯᠠᠮᠵᠢᠯᠠᠬᠤ ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠦᠷᠨᠢᠭᠦᠯᠵᠡᠢ᠂ ᠬᠥᠭᠦᠷᠭᠡᠨ ᠠᠭᠤᠢ᠂ ᠬᠠᠶᠠᠭᠳᠠᠮᠠᠯ ᠭᠡᠷ ᠪᠠᠶᠢᠰᠢᠩ᠂ ᠴᠡᠴᠡᠷᠯᠢᠭ᠂ ATM  ᠦᠢᠯᠡᠴᠢᠯᠡᠭᠡᠨ ᠤ ᠲᠣᠣᠷ ᠴᠡᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠵᠢᠭᠰᠠᠭᠠᠨ ᠪᠠᠶᠢᠴᠠᠭᠠᠬᠤ ᠬᠡᠪᠴᠢᠶ᠎ᠡ ᠪᠠᠨ ᠨᠡᠮᠡᠭᠳᠡᠭᠦᠯᠵᠦ᠂ ᠳᠣᠣᠷ᠎ᠠ ᠳᠤᠯᠠᠭᠠᠨ᠂ ᠪᠣᠷᠣᠭᠠᠨ ᠴᠠᠰᠤ ᠮᠥᠰᠥ ᠬᠥᠯᠳᠡᠬᠦ ᠵᠡᠷᠭᠡ ᠣᠨᠴᠠᠭᠠᠶ ᠴᠠᠭ ᠠᠭᠤᠷ ᠢ ᠵᠡᠭᠡᠯᠢ ᠭᠤᠳᠤᠮᠵᠢ ᠪᠠᠷ ᠵᠢᠭᠰᠠᠭᠠᠨ ᠪᠠᠶᠢᠴᠠᠭᠠᠬᠤ ᠤᠳᠠᠭ᠎ᠠ ᠪᠠᠨ ᠴᠢᠩᠭᠠᠳᠬᠠᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠴᠠᠭ ᠲᠤᠬᠠᠢ ᠳᠤᠨᠢ ᠢᠯᠡᠷᠡᠭᠦᠯᠵᠦ᠂ ᠲᠣᠬᠢᠲᠠᠢ ᠠᠪᠤᠷᠠᠨ ᠲᠤᠰᠠᠯᠠᠵᠤ᠂ ᠠᠮᠤᠷ ᠲᠦᠪᠰᠢᠨ ᠢᠶᠠᠷ ᠡᠪᠦᠯᠵᠢᠭᠦᠯᠬᠦ ᠶᠢ ᠦᠨᠡᠨ ᠬᠦ ᠪᠠᠲᠤᠯᠠᠪᠠ᠃
     12 ᠳ᠋ᠤᠭᠠᠷ ᠰᠠᠷ᠎ᠠ ᠶᠢᠨ 12  ᠤᠨ ᠡᠳᠦᠷ᠂ ᠠᠮᠢᠳᠤᠷᠠᠯ ᠳᠠᠭᠠᠨ ᠵᠥᠪ ᠦᠭᠡᠢ ᠨᠢᠭᠡ ᠭᠠᠨᠢ ᠨᠠᠰᠤᠲᠠᠨ ᠢ ᠠᠪᠤᠷᠠᠨ ᠲᠤᠰᠠᠯᠠᠵᠤ᠂ ᠬᠥᠪᠥᠩ ᠬᠤᠪᠴᠠᠰᠤ ᠬᠥᠨᠵᠢᠯᠡ ᠳᠡᠪᠢᠰᠬᠡᠷ ᠵᠡᠷᠭᠡ ᠬᠦᠢᠲᠡᠨ ᠠᠴᠠ ᠬᠠᠮᠠᠭᠠᠯᠠᠬᠤ ᠡᠳ᠋ ᠬᠦᠷᠭᠡᠪᠡ᠃
     12 ᠳ᠋ᠤᠭᠠᠷ ᠰᠠᠷ᠎ᠠ ᠶᠢᠨ 12 ᠤᠨ ᠡᠳᠦᠷ ᠤᠨ ᠣᠷᠣᠢ᠂ ᠠᠵᠢᠯᠲᠠᠳ ATM ᠦᠢᠯᠡᠴᠢᠯᠡᠭᠡᠨ ᠤ ᠲᠣᠣᠷ ᠴᠡᠭ᠂ ᠬᠤᠳᠠᠯᠳᠤᠭᠠᠨ ᠤ ᠲᠠᠯᠠᠪᠤᠷ᠂ ᠵᠡᠭᠡᠯᠢ ᠵᠡᠷᠭᠡ ᠲᠠᠯᠠᠪᠤᠷ ᠲᠤ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠵᠢᠭᠰᠠᠭᠠᠨ ᠪᠠᠶᠢᠴᠠᠭᠠᠵᠤ ᠪᠠᠶᠢᠭ᠎ᠠ ᠨᠢ᠃      12 ᠳ᠋ᠤᠭᠠᠷ ᠰᠠᠷ᠎ᠠ ᠶᠢᠨ 13 ᠤ ᠡᠳᠦᠷ᠂ ᠣᠯᠠᠨ ᠲᠦᠮᠡᠨ ᠤ ᠲᠤᠰᠬᠠᠭᠰᠠᠨ ᠢᠶᠠᠷ᠂ ᠨᠢᠭᠡᠨ ᠲᠡᠨᠦᠭᠦᠴᠢᠯᠡᠭᠴᠢ ᠶᠢ ᠠᠪᠤᠷᠠᠨ ᠲᠤᠰᠠᠯᠠᠬᠤ ᠴᠢᠬᠤᠯᠠᠲᠠᠢ  ᠦᠶ᠎ᠡ ᠳᠤ᠂ ᠠᠵᠢᠯᠲᠠᠳ ᠳᠠᠷᠤᠢ ᠲᠦᠷᠭᠡᠨ ᠲᠤᠬᠠᠢ ᠶᠢᠨ ᠲᠠᠯᠠᠪᠤᠷ ᠲᠤ ᠬᠦᠷᠴᠦ᠂ ᠬᠥᠭᠦᠷᠭᠡᠨ ᠬᠤᠩᠭᠢᠯ ᠠᠴᠠ ᠨᠢᠭᠡ ᠲᠡᠨᠦᠭᠦᠴᠢᠯᠡᠭᠴᠢ ᠶᠢ ᠡᠷᠢᠨ ᠣᠯᠵᠤ᠂ ᠲᠡᠳᠡᠨ ᠳᠤ ᠬᠥᠪᠥᠩ ᠬᠤᠪᠴᠠᠰᠤ᠂ ᠬᠥᠪᠥᠩ ᠬᠥᠨᠵᠢᠯᠡ᠂ ᠬᠥᠪᠥᠩ ᠱᠠᠬᠠᠢ ᠵᠡᠷᠭᠡ ᠠᠮᠢᠳᠤᠷᠠᠯ ᠤᠨ ᠡᠳ᠋ ᠪᠣᠳᠠᠰ ᠪᠡᠯᠡᠳᠬᠡᠵᠦ ᠥᠭᠭᠦᠭᠡᠳ ᠬᠥᠬᠡᠬᠤᠲᠠ ᠶᠢᠨ ᠠᠪᠤᠷᠠᠨ ᠲᠤᠰᠠᠯᠠᠬᠤ ᠥᠷᠲᠡᠭᠡ ᠳᠤ ᠬᠦᠷᠭᠡᠪᠡ᠃       ᠲᠠᠷᠠᠭᠠᠴᠢ ᠶᠢᠨ ᠠᠯᠬᠤᠮ ᠳᠤ᠂ ᠲᠤᠰ ᠲᠣᠪᠴᠢᠶ᠎ᠠ ︽ᠬᠠᠬᠢᠷ ᠡᠪᠦᠯ ᠳᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠲᠡᠨᠦᠭᠦᠯ ᠭᠤᠶᠢᠷᠠᠨᠴᠢᠳ ᠢ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠪᠠ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1