ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠤᠨ ᠪᠠᠶᠢᠴᠠᠭᠠᠯᠳᠠ ᠶᠢᠨ ᠶᠡᠭᠡ ᠠᠩᠬᠢ ᠭᠠᠯ ᠤᠨᠲᠠᠷᠠᠭᠠᠬᠤ ᠦᠢᠯᠡᠳᠬᠦᠨ ᠤ ᠲᠤᠰᠬᠠᠢ ᠵᠦᠢᠯ ᠤᠨ ᠪᠠᠶᠢᠴᠠᠭᠠᠯᠲᠠ ᠬᠢᠪ᠊
ᠨᠡᠶᠢᠲᠡᠯᠡᠭᠰᠡᠨ ᠴᠠᠭ᠄
2023/12/18
      ᠭᠦᠢᠯᠭᠡᠭᠡᠨ ᠤ ᠬᠦᠷᠢᠶᠡᠨ᢭ ᠲᠠᠬᠢ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠶᠢᠨ ᠲᠤᠰᠠᠳᠠ᠂ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠢ ᠪᠣᠷᠣᠯᠠᠭᠤᠯᠬᠤ ᠥᠢᠯᠡ ᠠᠵᠢᠯᠯᠠᠭ᠎ᠠ᢭ ᠲᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ᠣᠶᠢᠷ᠎ᠠ ᠳᠤ᠂ ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠵᠦᠢᠯᠡᠰ ᠤᠨ ᠪᠠᠶᠢᠴᠠᠭᠠᠯᠳᠠ ᠶᠢᠨ ᠶᠡᠭᠡ ᠠᠩᠬᠢ ᠶᠢᠨ ᠠᠷᠠᠳ ᠤᠨ ᠴᠠᠭᠳᠠᠭ᠎ᠠ ᠬᠠᠷᠢᠶᠠᠲᠤ ᠣᠷᠣᠨ ᠤ ᠪᠠᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠣᠷᠤᠯᠠᠭᠤᠯᠭ᠎ᠠ ᠶᠢᠨ ᠴᠡᠭ ᠲᠤ ᠭᠦᠨᠵᠡᠭᠡᠶᠢᠷᠡᠨ ᠭᠠᠯ ᠤᠨᠲᠠᠷᠠᠭᠠᠬᠤ ᠦᠢᠯᠡᠳᠬᠦᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃
     ᠪᠠᠶᠢᠴᠠᠭᠠᠬᠤ ᠶᠠᠪᠤᠴᠠ ᠲᠤ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠡᠷᠡᠭᠵᠢᠭᠦᠯᠬᠦ ᠵᠢᠴᠢ ︽ᠭᠠᠯ ᠤᠨᠲᠠᠷᠠᠭᠠᠬᠤ ᠦᠢᠯᠡᠳᠬᠦᠨ ᠤ ᠲᠤᠬᠠᠢ ᠶᠢᠨ ᠲᠠᠯᠠᠪᠠᠢ ᠲᠤ ᠮᠠᠭᠠᠳᠯᠠᠨ ᠲᠣᠭᠲᠠᠭᠠᠬᠤ ᠳᠦᠷᠢᠮ︾ ᠢ ᠴᠢᠩᠭ᠎ᠠ ᠵᠢᠷᠤᠮᠯᠠᠨ᠂ ᠦᠢᠯᠡᠳᠬᠦᠨ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ᠂ ᠦᠢᠯᠡᠳᠬᠦᠨ ᠢ ᠵᠥᠪᠰᠢᠶᠡᠷᠡᠭᠰᠡᠨ ᠦᠨᠡᠮᠯᠡᠯ ᠢ ᠪᠠᠶᠢᠴᠠᠭᠠᠨ ᠦᠵᠡᠬᠦ᠂ ᠦᠢᠯᠡᠳᠪᠦᠷᠢ ᠶᠢᠨ ᠬᠢᠷᠢ ᠴᠢᠳᠠᠮᠵᠢ᠂ ᠴᠢᠳᠠᠮᠵᠢ ᠶᠢ ᠰᠢᠯᠭᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠡᠯ᠎ᠡ ᠪᠣᠷᠣᠯᠠᠭᠤᠯᠤᠨ ᠬᠤᠳᠠᠯᠳᠤᠬᠤ ᠨᠢᠭᠡᠴᠡ ᠶᠢᠨ ᠬᠤᠳᠠᠯᠳᠤᠵᠤ ᠪᠠᠶᠢᠭ᠎ᠠ ᠭᠠᠯ ᠤᠨᠲᠠᠷᠠᠭᠠᠭᠤᠷ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ᠂ ᠠᠶᠤᠯ ᠦᠭᠡᠢ ᠭᠠᠷᠬᠤ ᠡᠭᠦᠳᠡ ᠶᠢᠨ ᠲᠡᠮᠳᠡᠭ ᠵᠡᠷᠭᠡ ᠭᠤᠣᠯ ᠪᠣᠯᠬᠤ ᠭᠠᠯ ᠤᠨᠲᠠᠷᠠᠭᠠᠬᠤ ᠦᠢᠯᠡᠳᠬᠦᠨ ᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠳ ᠲᠤᠬᠠᠢ   ᠶᠢᠨ ᠲᠠᠯᠠᠪᠠᠶ ᠳᠤ ᠬᠤᠳᠠᠯᠳᠤᠭᠠᠴᠢᠳ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠵᠦ᠂ ᠭᠠᠯ ᠤᠨᠲᠠᠷᠠᠭᠠᠬᠤ ᠪᠦᠲᠦᠭᠡᠭᠳᠡᠬᠦᠨ ᠤ ᠢᠷᠡᠯᠲᠡ ᠶᠢᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ᠂ ᠥᠪᠡᠷ ᠤᠨ ᠪᠡᠶ᠎ᠡ᠂ ᠵᠣᠴᠢᠨ ᠡᠷᠦᠬᠡ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠪᠠᠲᠤᠯᠠᠭ᠎ᠠ ᠬᠠᠩᠭᠠᠬᠤ   ᠶᠢᠨ ᠬᠠᠮᠲᠤ ᠪᠣᠷᠤᠯᠠᠭᠤᠯᠭ᠎ᠠ ᠶᠢᠨ ᠬᠠᠷᠢᠭᠤᠴᠠᠯᠭᠠᠲᠠᠨ  ᠢ ᠭᠠᠯ ᠤᠨᠲᠠᠷᠠᠭᠠᠬᠤ ᠪᠦᠲᠦᠭᠡᠭᠳᠡᠬᠦᠨ ᠤ ᠲᠤᠰᠬᠠᠢ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠭᠠᠯ ᠤᠨᠲᠠᠷᠠᠭᠠᠬᠤ ᠪᠦᠲᠦᠭᠡᠭᠳᠡᠬᠦᠨ ᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠭᠰᠢᠭᠳᠡᠭᠦᠯᠬᠦ ᠪᠠ ᠬᠤᠳᠠᠯ ᠬᠠᠭᠤᠷᠮᠠᠭ ᠴᠢᠨᠠᠷ ᠮᠠᠭᠤᠲᠠᠢ ᠭᠠᠯ ᠤᠨᠲᠠᠷᠠᠭᠠᠬᠤ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠵᠠᠢ᠃      ᠲᠣᠰ ᠤᠳᠠᠭᠠᠨ ᠤ ᠭᠠᠯ ᠤᠨᠲᠠᠷᠠᠭᠠᠬᠤ ᠦᠢᠯᠡᠳᠬᠦᠨ ᠤ ᠲᠤᠰᠬᠠᠢ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ ᠲᠠᠯᠠᠪᠤᠷ ᠭᠠᠵᠠᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1