ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠦᠵᠡᠯ ᠰᠠᠨᠠᠭ᠎ᠠ ᠪᠠᠨ ᠴᠢᠯᠦᠭᠡᠯᠡᠵᠦ ᠰᠢᠨ᠎ᠡ ᠶᠢ ᠡᠭᠦᠳᠦᠨ ᠬᠤᠪᠢᠷᠠᠯᠲᠠ ᠶᠢ ᠬᠥᠭᠡᠭᠡᠴᠡᠯᠳᠦᠵᠦ ᠳᠠᠯᠠᠢ ᠲᠠᠩᠭᠢᠰ ᠲᠤ ᠰᠠᠭᠤᠷᠢᠯᠠᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ ᠨᠡᠭᠡᠭᠡᠯᠲᠡ ᠲᠠᠢ ᠪᠠᠷ ᠬᠥᠭᠵᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠸᠠᠩᠰᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ      ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠ᠊
ᠨᠡᠶᠢᠲᠡᠯᠡᠭᠰᠡᠨ ᠴᠠᠭ᠄
2023/12/18
      ᠰᠢᠨᠬᠤᠸᠠ ᠬᠤᠷᠢᠶ᠎ᠠ ᠶᠢᠨ ᠨᠠᠨᠨᠢᠩ ᠤᠨ 12 ᠰᠠᠷ᠎ᠠ ᠶᠢᠨ 15 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ᠂ ᠭᠤᠸᠠᠩᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠭᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠥ᠂ ᠦᠵᠡᠯ ᠰᠠᠨᠠᠭ᠎ᠠ ᠪᠠᠨ ᠴᠢᠯᠦᠭᠡᠯᠡᠵᠦ᠂ ᠰᠢᠨ᠎ᠡ ᠶᠢ ᠡᠭᠦᠳᠦᠨ ᠬᠤᠪᠢᠷᠠᠯᠲᠠ ᠶᠢ ᠬᠥᠭᠡᠭᠡᠴᠡᠯᠳᠦᠵᠦ᠂ ᠳᠠᠯᠠᠢ ᠲᠠᠩᠭᠢᠰ ᠲᠤ ᠰᠠᠭᠤᠷᠢᠯᠠᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠭᠡᠭᠡᠯᠲᠡ ᠲᠠᠢ ᠪᠠᠷ ᠬᠥᠭᠵᠢᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠰᠠᠶᠢᠬᠠᠨ ᠭᠤᠸᠠᠩᠰᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠸᠠᠩᠰᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      12 ᠰᠠᠷ᠎ᠠ ᠶᠢᠨ 13 ᠤ ᠡᠳᠦᠷ᠂ ᠰᠢ ᠶᠢᠨ ᠫᠢᠩ ᠸᠢᠶᠧᠲᠨᠠᠮ ᠳᠠᠬᠢ ᠲᠥᠷᠥ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠭᠦᠰᠬᠡᠭᠡᠳ ᠤᠯᠤᠰ ᠲᠠᠭᠠᠨ ᠪᠤᠴᠠᠵᠤ ᠢᠷᠡᠪᠡ᠃ 14 ᠠᠴᠠ 15 ᠤ ᠡᠳᠦᠷ ᠪᠤᠯᠲᠠᠯ᠎ᠠ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢᠦ ᠨᠢᠩ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠯᠠᠨ ᠲᠢᠶᠠᠨ ᠯᠢ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠨᠠᠨᠨᠢᠩ᠂ ᠯᠠᠶᠢᠪᠢᠨ ᠵᠡᠷᠭᠡ ᠭᠠᠵᠠᠷ ᠲᠤ ᠬᠦᠷᠴᠦ᠂ ᠭᠠᠳᠠᠭᠠᠳᠤ ᠨᠡᠭᠡᠭᠡᠯᠲᠡ ᠶᠢᠨ ᠲᠦᠷᠦᠯ ᠵᠦᠢᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ᠃    
     12 ᠰᠠᠷ᠎ᠠ ᠶᠢᠨ 14 ᠠᠴᠠ 15 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 14 ᠤ ᠦᠳᠡ ᠶᠢᠨ ᠡᠮᠦᠨ᠎ᠡ᠂ ᠰᠢ ᠶᠢᠨ ᠫᠢᠩ ᠨᠠᠨᠨᠢᠩ ᠬᠤᠲᠠ ᠶᠢᠨ ᠯᠢᠶᠠᠩᠴᠢᠩ ᠲᠣᠭᠤᠷᠢᠭ ᠤᠨ ᠫᠠᠨ ᠯᠦᠩ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ            14 ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠨᠠᠨᠨᠢᠩ ᠬᠤᠳᠠ ᠳᠤ ᠪᠠᠶᠢᠷᠢᠯᠠᠭ᠎ᠠ ᠳᠤᠮᠳᠠᠳᠤ ᠤᠯᠤᠰ – ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠮᠡᠳᠡᠭᠡ ᠵᠠᠩᠭᠢ ᠶᠢᠨ ᠭᠠᠷᠠᠮ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠳᠤᠮᠳᠠᠳᠤ ᠤᠯᠤᠰ – ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠮᠡᠳᠡᠭᠡ ᠵᠠᠩᠭᠢ ᠶᠢᠨ ᠭᠠᠷᠠᠮ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ᠂ ᠳᠤᠮᠳᠠᠳᠤ ᠤᠯᠤᠰ – ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠵᠡᠷᠭᠡ ᠪᠠᠶᠢᠳᠠᠯ ᠢ ᠨᠠᠷᠢᠯᠢᠭ ᠣᠶᠢᠯᠠᠭᠠᠵᠤ᠂ ᠫᠢᠩ ᠲᠠᠩ ᠵᠢᠶᠠᠩ ᠺᠧᠦ – ᠯᠤ᠋ ᠦ᠋ ᠪᠠᠯᠭᠠᠰᠤ ᠬᠦᠷᠬᠦ ᠲᠠᠲᠠᠮᠠᠯ ᠭᠤᠣᠯ ᠤᠨ ᠡᠯᠡᠰᠦᠨ ᠴᠠᠷ᠎ᠠ ᠲᠠᠢ ᠤᠶᠠᠯᠳᠤᠭᠤᠯᠤᠨ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠵᠠᠮ ᠱᠤᠭᠤᠮ ᠤᠨ ᠨᠢᠷᠤᠭᠤᠪᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢ ᠶᠢᠨ ᠫᠢᠩ᠂ ᠳᠤᠮᠳᠠᠳᠤ ᠤᠯᠤᠰ – ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠮᠡᠳᠡᠭᠡ ᠵᠠᠩᠭᠢ ᠶᠢᠨ ᠭᠠᠷᠠᠮ ᠢ ᠪᠦᠲᠦᠭᠡᠨ ᠪᠠᠶᠢᠭᠤᠯᠬᠤ ᠪᠣᠯ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ᠂ ᠮᠠᠨ ᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠤᠯᠤᠰ ᠤᠳ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠭᠤᠸᠠᠩᠰᠢ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠯᠭᠠᠭᠤᠷᠢᠯᠠᠬᠤ ᠴᠡᠭ ᠤᠨ ᠦᠢᠯᠡᠳᠦᠯ ᠢᠶᠠᠨ ᠪᠠᠳᠠᠷᠠᠭᠤᠯᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠬᠡᠷᠡᠭᠯᠡᠭᠡ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠳᠤ ᠲᠠᠰᠤᠷᠠᠯᠳᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠨᠨᠢᠩ ᠬᠤᠲᠠ ᠶᠢᠨ ᠯᠢᠶᠠᠩᠴᠢᠩ ᠲᠣᠭᠤᠷᠢᠭ ᠤᠨ ᠫᠠᠨ ᠯᠦᠩ ᠨᠡᠶᠢᠭᠡᠮ ᠲᠣᠭᠤᠷᠢᠭ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠶᠢᠭᠡᠮ ᠲᠣᠭᠤᠷᠢᠭ ᠪᠣᠯᠣᠨ᠎ᠠ᠃ ᠰᠢ ᠶᠢᠨ ᠫᠢᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠲᠤᠬᠠᠢ ᠶᠢᠨ ᠲᠠᠯᠠᠪᠠᠢ ᠶᠢᠨ ᠠᠵᠢᠯᠲᠠᠳ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ᠂ ᠠᠷᠠᠳ ᠲᠤ ᠲᠦᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯ ᠢ ᠠᠬᠢᠭᠤᠯᠤᠭᠰᠠᠨ᠂ ᠦᠨᠳᠦᠰᠦᠲᠡᠨ ᠤ ᠣᠨᠴᠠᠯᠢᠭᠲᠤ ᠠᠵᠢᠯᠯᠠᠭ᠎ᠠ ᠶᠢ ᠡᠷᠭᠢᠯᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠡᠳᠡᠨ ᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠦᠢᠯᠡᠴᠢᠯᠡᠭᠡ ᠪᠠᠷ ᠰᠠᠭᠤᠷᠢ ᠪᠤᠯᠭᠠᠵᠥ ᠬᠥᠭᠵᠢᠯᠲᠡ ᠶᠢ ᠠᠬᠢᠭᠤᠯᠤᠭᠰᠠᠨ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠲᠤ᠂ ᠲᠡᠷᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠷᠠᠨ ᠪᠢᠴᠢᠯᠭᠡ ᠶᠢᠨ ᠪᠣᠯᠪᠠᠰᠤᠷᠠᠯ᠂ ᠠᠷᠠᠳ ᠤᠨ ᠳᠠᠭᠤᠤ ᠶᠢᠨ ᠨᠠᠶᠢᠷᠠᠯ ᠳᠠᠭᠤᠤ ᠶᠢ ᠤᠷᠮ᠎ᠠ ᠲᠠᠢ ᠰᠣᠨᠢᠷᠬᠠᠵᠤ᠂ ᠤᠯᠠᠨ ᠲᠠᠢ ᠳᠣᠲᠣᠨᠣ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠬᠢᠨ ᠴᠢᠳᠠᠪᠤᠷᠢᠲᠠᠨ᠂ ᠲᠠᠯᠠᠪᠤᠷ ᠭᠠᠵᠠᠷ ᠵᠡᠷᠭᠡ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠨᠡᠩ ᠤᠯᠠᠨ ᠡᠷᠡᠭᠦᠯ ᠰᠠᠷᠠᠭᠤᠯ ᠠᠰᠢᠭᠲᠠᠢ᠂ ᠤᠢ ᠪᠢᠯᠢᠭ ᠢ ᠰᠡᠩᠬᠡᠷᠡᠭᠦᠯᠵᠦ ᠰᠡᠳᠬᠢᠯ ᠢ ᠤᠮᠳᠠᠯᠠᠬᠤ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠡᠭᠦᠨ ᠢᠶᠠᠷ ᠨᠡᠩ ᠶᠡᠭᠡ ᠢᠳᠡᠪᠬᠢ ᠬᠦᠴᠦᠨ ᠢ ᠬᠥᠭᠵᠢᠭᠡᠬᠦ ᠶᠢ ᠵᠣᠷᠢᠭᠵᠢᠭᠤᠯᠪᠠ᠃ ᠰᠢ ᠶᠢᠨ ᠫᠢᠩ᠂ ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠦᠨᠳᠦᠰᠦᠨ ᠨᠢᠭᠡᠴᠢ᠂ ᠤᠯᠤᠰ ᠤᠨ ᠵᠠᠰᠠᠯᠲᠠ ᠶᠢᠨ ᠰᠢᠰᠲ᠋ᠧᠮ ᠤᠨ ᠦᠨᠳᠦᠰᠦᠨ ᠱᠠᠲᠤᠨ ᠤ ᠰᠠᠭᠤᠷᠢ ᠪᠣᠯᠣᠨ᠎ᠠ᠃ ᠨᠡᠶᠢᠭᠡᠮ ᠲᠣᠭᠤᠷᠢᠭ ᠭᠡᠬᠦ ᠡᠨᠡ ᠬᠦ ᠲᠠᠪᠴᠠᠩ ᠢᠶᠠᠷ ᠳᠠᠮᠵᠢᠭᠤᠯᠤᠨ᠂ ︽ᠨᠠᠰᠤᠲᠠᠨ ᠨᠢᠯᠬᠠᠰ︾ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠤᠯᠠᠨ ᠨᠡᠶᠢᠲᠡ ᠶᠢᠨ ᠬᠡᠷᠡᠭ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠬᠦ ᠪᠣᠯ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠨ ᠱᠠᠲᠤᠨ ᠤ ᠵᠠᠰᠠᠯᠲᠠ ᠶᠢᠨ ᠢᠯᠡᠷᠬᠡᠢ ᠳᠠᠪᠠᠭᠤᠯᠢᠭ ᠮᠥᠨ᠂ ᠡᠨᠡ ᠬᠦ ᠳᠠᠪᠠᠭᠤᠯᠢᠭ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠠᠨ ᠦᠨᠳᠦᠰᠦᠲᠡᠨ ᠤ ᠤᠯᠠᠨ ᠲᠦᠮᠡᠨ ᠤ ᠠᠭᠤᠰᠤᠯᠴᠠᠭᠰᠠᠨ ᠮᠠᠶ᠋ᠢᠭ ᠤᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠪᠣᠯ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠭᠤᠸᠠᠩᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠬᠤ ᠳᠤ ᠦᠨᠳᠦᠰᠦᠨ ᠱᠠᠲᠤᠨ ᠤ ᠨᠡᠶᠢᠭᠡᠮ ᠲᠣᠭᠤᠷᠢᠭ ᠠᠴᠠ ᠡᠬᠢᠯᠡᠨ ᠠᠳᠬᠤᠵᠤ᠂ ᠯᠠᠪᠳᠠᠭᠤᠨ ᠪᠠᠲᠤᠲᠠᠢ ᠨᠡᠶᠢᠭᠡᠮ ᠲᠣᠭᠤᠷᠢᠭ ᠤᠨ ᠪᠠᠶᠢᠭᠤᠯᠤᠯᠲᠠ᠂ ᠪᠦᠲᠦᠮᠵᠢᠲᠡᠢ ᠨᠡᠶᠢᠭᠡᠮ ᠲᠣᠭᠤᠷᠢᠭ ᠤᠨ ᠦᠢᠯᠡᠴᠢᠯᠡᠭᠡ᠂ ᠡᠯᠪᠡᠭ ᠪᠠᠶᠠᠯᠢᠭ ᠨᠡᠶᠢᠭᠡᠮ ᠲᠣᠭᠤᠷᠢᠭ ᠤᠨ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠦᠨᠳᠦᠰᠦᠲᠡᠨ ᠤ ᠪᠦᠯᠬᠦᠮᠳᠡᠯ ᠢ ᠨᠡᠩ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃  
     12 ᠰᠠᠷ᠎ᠠ ᠶᠢᠨ 14 ᠠᠴᠠ 15 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 14 ᠤ ᠦᠳᠡ ᠶᠢᠨ ᠬᠤᠶᠢᠨ᠎ᠠ᠂ ᠰᠢ ᠶᠢᠨ ᠫᠢᠩ ᠯᠠᠶᠢᠪᠢᠨ ᠬᠤᠳᠠ ᠶᠢᠨ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠤᠯᠬᠤ ᠬᠤᠸᠠᠩ ᠠᠨ ᠤ ᠴᠢᠨᠠᠷ ᠰᠠᠶᠢᠲᠠᠢ ︽ᠬᠤᠣᠰ ᠥᠨᠳᠥᠷ︾ ᠰᠢᠬᠢᠷ ᠤᠨ ᠮᠠᠲ᠋ᠧᠷᠢᠶᠠᠯ ᠤᠨ ᠨᠢᠰᠢᠩᠭᠦ ᠶᠢᠨ ᠰᠠᠭᠤᠷᠢᠨ ᠳᠤ ᠰᠢᠨᠵᠢᠯᠡᠨ ᠪᠠᠶᠢᠴᠠᠭᠠᠬᠤ ᠳᠠᠭᠠᠨ ᠨᠢᠰᠢᠩᠭᠦ ᠶᠢᠨ ᠲᠠᠷᠢᠶᠠᠴᠢᠨ᠂ ᠲᠠᠷᠢᠶᠠᠯᠠᠩ ᠤᠨ ᠮᠠᠰᠢᠨ ᠤ ᠵᠢᠯᠣᠭᠤᠴᠢ ᠪᠣᠯᠣᠨ ᠲᠠᠷᠢᠶᠠᠯᠠᠩ ᠤᠨ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ            ᠨᠡᠶᠢᠭᠡᠮ ᠲᠣᠭᠤᠷᠢᠭ ᠠᠴᠠ ᠰᠠᠯᠬᠤ ᠦᠶ᠎ᠡ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ ᠫᠢᠩ᠂ ᠪᠢ ᠥᠴᠥᠭᠡᠳᠦᠷ ᠸᠢᠶᠧᠲᠨᠠᠮ ᠳᠠᠬᠢ ᠲᠥᠷᠥ ᠶᠢᠨ ᠶᠠᠪᠤᠳᠠᠯ ᠤᠨ ᠠᠶᠢᠯᠴᠢᠯᠠᠯᠲᠠ ᠪᠠᠨ ᠳᠠᠭᠤᠰᠬᠠᠵᠤ᠂ ᠰᠢᠭᠤᠳ ᠭᠤᠸᠠᠩᠰᠢ ᠳᠤ ᠢᠷᠡᠵᠥ ᠰᠢᠨᠵᠢᠯᠡᠨ ᠪᠠᠶᠢᠴᠠᠭᠠᠪᠠ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠭᠤᠸᠠᠩᠰᠢ ᠶᠢᠨ ᠨᠡᠭᠡᠭᠡᠯᠲᠡ ᠲᠠᠢ ᠪᠠᠷ ᠬᠥᠭᠵᠢᠬᠦ ᠳᠤ ᠨᠡᠩ ᠠᠰᠢᠭᠲᠠᠢ ᠪᠠᠶᠢᠵᠤ᠂ ᠰᠦᠷᠯᠢᠭ ᠰᠠᠶᠢᠬᠠᠨ ᠭᠤᠸᠠᠩᠰᠢ ᠶᠢᠨ ᠠᠯᠤᠰ ᠢᠷᠡᠭᠡᠳᠦᠢ ᠭᠡᠭᠡᠨ ᠰᠠᠷᠠᠭᠤᠯ ᠶᠤᠮ᠃ ᠭᠤᠸᠠᠩᠰᠢ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ ᠪᠠᠷ ᠬᠠᠮᠤᠭ ᠤᠨ ᠤᠯᠠᠨ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠨᠢᠭᠡ ᠲᠡᠭᠷᠢ ᠶᠢᠨ ᠳᠣᠣᠷ᠎ᠠ᠂ ᠨᠢᠭᠡ ᠬᠡᠰᠡᠭ ᠲᠠᠷᠢᠶ᠎ᠠ ᠶᠢ ᠲᠠᠷᠢᠵᠤ᠂ ᠨᠢᠭᠡ ᠮᠥᠷᠡᠨ ᠤ ᠤᠰᠤ ᠶᠢ ᠤᠤᠭᠤᠵᠤ᠂ ᠨᠢᠭᠡ ᠭᠡᠷ ᠣᠷᠣᠨ ᠢ ᠪᠦᠲᠦᠭᠡᠨ ᠪᠠᠶᠢᠭᠤᠯᠵᠤ ᠪᠤᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠤᠯᠬᠤ ᠦᠭᠡᠢ᠃ ᠨᠡᠶᠢᠭᠡᠮ ᠲᠣᠭᠤᠷᠢᠭ ᠤᠨ ᠦᠨᠳᠦᠰᠦᠲᠡᠨ ᠨᠥᠬᠦᠳ ᠤᠨ ᠤᠯᠠᠨ ᠲᠦᠮᠡᠨ ᠢᠯᠡᠭᠦᠬᠡᠨ ᠶᠠᠪᠤᠯᠴᠠᠵᠤ᠂ ᠤᠯᠠᠨ ᠢᠶᠠᠷ ᠢᠶᠠᠨ ᠬᠠᠷᠢᠯᠴᠠᠨ ᠬᠠᠪᠰᠤᠷᠤᠯᠴᠠᠵᠤ᠂ ᠰᠡᠳᠬᠢᠯ ᠤᠨ ᠨᠠᠶᠢᠵᠠ ᠪᠣᠯᠣᠯᠴᠠᠵᠤ᠂ ᠡᠶᠡᠯᠳᠡᠭ ᠬᠥᠷᠰᠢ ᠪᠣᠯᠵᠤ᠂ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠳᠣᠲᠣᠨᠣ ᠪᠠᠷ ᠬᠡᠯᠡᠪᠡ᠃      14 ᠤ ᠦᠳᠡ ᠶᠢᠨ ᠬᠤᠶᠢᠨ᠎ᠠ᠂ ᠰᠢ ᠶᠢᠨ ᠫᠢᠩ ᠯᠠᠶᠢᠪᠢᠨ ᠬᠤᠳᠠ ᠳᠤ ᠰᠢᠨᠵᠢᠯᠡᠨ ᠪᠠᠶᠢᠴᠠᠭᠠᠪᠠ᠃ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠤᠯᠬᠤ ᠬᠤᠸᠠᠩ ᠠᠨ ᠤ ᠴᠢᠨᠠᠷ ᠰᠠᠶᠢᠲᠠᠢ ︽ᠬᠤᠣᠰ ᠥᠨᠳᠥᠷ︾ ᠰᠢᠬᠢᠷ ᠤᠨ ᠮᠠᠲ᠋ᠧᠷᠢᠶᠠᠯ ᠤᠨ ᠨᠢᠰᠢᠩᠭᠦ ᠶᠢᠨ ᠰᠠᠭᠤᠷᠢᠨ ᠳᠤ᠂ ᠰᠢ ᠶᠢᠨ ᠫᠢᠩ ᠲᠦᠮᠡᠨ ᠮᠦ ᠶᠢᠨ ᠨᠢᠰᠢᠩᠭᠦ ᠶᠢᠨ ᠤᠢ ᠪᠣᠯᠣᠨ ᠮᠠᠰᠢᠨ ᠢᠶᠠᠷ ᠬᠠᠳᠤᠵᠤ ᠬᠤᠷᠢᠶᠠᠵᠤ ᠪᠠᠶᠢᠬᠤ ᠪᠠᠶᠢᠳᠠᠯ ᠢ ᠪᠠᠶᠢᠴᠠᠭᠠᠨ ᠦᠵᠡᠵᠦ᠂ ᠰᠠᠭᠤᠷᠢᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ ᠨᠢᠰᠢᠩᠭᠦ ᠶᠢᠨ ᠤᠢ ᠳᠤ ᠣᠷᠣᠵᠤ᠂ ᠨᠢᠰᠢᠩᠭᠦ ᠶᠢᠨ ᠰᠢᠯᠢᠳᠡᠭ ᠡᠭᠦᠯᠳᠡᠷ ᠢ ᠪᠤᠶᠢᠵᠢᠭᠤᠯᠬᠤ ᠮᠡᠷᠭᠡᠵᠢᠯ ᠤᠨ ᠠᠨᠢᠰᠤ ᠶᠢ ᠨᠠᠷᠢᠯᠢᠭ ᠣᠶᠢᠯᠠᠭᠠᠵᠤ᠂ ᠨᠢᠰᠢᠩᠭᠦ ᠶᠢᠨ ᠲᠠᠷᠢᠶᠠᠴᠢᠨ᠂ ᠲᠠᠷᠢᠶᠠᠯᠠᠩ ᠤᠨ ᠮᠠᠰᠢᠨ ᠤ ᠵᠢᠯᠣᠭᠤᠴᠢ ᠪᠣᠯᠣᠨ ᠲᠠᠷᠢᠶᠠᠯᠠᠩ ᠤᠨ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠤᠸᠠᠩᠰᠢ ᠪᠣᠯ ᠮᠠᠨ ᠤ ᠤᠯᠤᠰ ᠤᠨ ᠨᠢᠰᠢᠩᠭᠦ ᠶᠢᠨ ᠰᠢᠬᠢᠷ ᠤᠨ ᠭᠤᠣᠯ ᠭᠠᠷᠤᠯᠲᠠ ᠶᠢᠨ ᠣᠷᠣᠨ ᠪᠣᠯᠣᠨ᠎ᠠ᠂ ᠡᠨᠡ ᠬᠦ ᠣᠨᠴᠠᠯᠢᠭᠲᠤ ᠳᠠᠪᠠᠭᠤᠯᠢᠭ ᠠᠵᠤ ᠦᠢᠯᠡᠰ ᠢᠶᠠᠨ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠤᠯᠤᠰ ᠤᠨ ᠰᠢᠬᠢᠷ ᠤᠨ ᠦᠢᠯᠡᠰ ᠤᠨ ᠠᠮᠤᠷ ᠲᠦᠪᠰᠢᠨ ᠢ ᠪᠠᠲᠤᠯᠠᠬᠤ᠂ ᠨᠢᠰᠢᠩᠭᠦ ᠶᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠰᠠᠶᠢᠨ ᠡᠭᠦᠯᠳᠡᠷ ᠢ ᠢᠳᠡᠪᠬᠢᠲᠡᠢ ᠪᠠᠷ ᠪᠤᠶᠢᠵᠢᠭᠤᠯᠤᠨ ᠳᠡᠯᠭᠡᠷᠡᠭᠦᠯᠵᠦ᠂ ᠮᠠᠰᠢᠨᠴᠢᠯᠠᠨ ᠠᠵᠢᠯᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠨᠡᠩ ᠲᠣᠭᠲᠠᠭᠤᠨ ᠪᠦᠬᠦᠢ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠥᠷᠭᠡᠨ ᠤᠯᠠᠨ ᠲᠠᠷᠢᠶᠠᠴᠢᠳ ᠲᠤ ᠬᠥᠳᠡᠭᠡ ᠲᠣᠰᠬᠤᠨ ᠤ ᠥᠭᠡᠷᠡᠴᠢᠯᠡᠯᠲᠡ ᠪᠠ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ ᠨᠤᠲᠤᠭ ᠤᠨ ᠠᠬ᠎ᠠ ᠳᠡᠭᠦᠦ ᠨᠠᠷ ᠤᠨ ᠠᠮᠢᠳᠤᠷᠠᠯ ᠨᠢ ᠨᠢᠰᠢᠩᠭᠦ‍ ᠰᠢᠭ ᠵᠣᠯ ᠵᠢᠷᠭᠠᠯᠲᠠᠢ ᠪᠠᠶᠢᠬᠤ ᠶᠢ ᠵᠥᠩᠨᠡᠪᠡ᠃      ᠳᠠᠷᠠᠭ᠎ᠠ ᠨᠢ᠂ ᠰᠢ ᠶᠢᠨ ᠫᠢᠩ ᠯᠠᠶᠢᠪᠢᠨ ᠤ ᠳ᠋ᠦᠩ ᠲᠠᠩ ᠹᠧᠩ ᠬᠤᠸᠠᠩ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠡᠷᠡ ᠦᠢᠯᠡᠳᠪᠦᠷᠢᠯᠡᠯ ᠤᠨ ᠲᠠᠰᠤᠭ ᠲᠤ ᠣᠷᠣᠵᠤ ᠰᠢᠬᠢᠷ ᠬᠢᠬᠦ ᠤᠷ᠎ᠠ ᠮᠡᠷᠭᠡᠵᠢᠯ ᠪᠣᠯᠣᠨ ᠠᠵᠢᠯ ᠤᠨ ᠶᠠᠪᠤᠴᠠ ᠶᠢ ᠪᠠᠶᠢᠴᠠᠭᠠᠨ ᠦᠵᠡᠵᠦ᠂ ᠺᠤᠮᠫᠠᠨᠢ ᠶᠢᠨ ᠦᠵᠡᠭᠦᠯᠭᠡ ᠶᠢᠨ ᠲᠢᠩᠬᠢᠮ ᠳᠤ ᠰᠢᠬᠢᠷ ᠤᠨ ᠦᠢᠯᠡᠰ ᠤᠨ ᠦᠢᠯᠡᠳᠬᠦᠨ ᠤ ᠲᠦᠷᠦᠯ ᠵᠦᠢᠯ ᠵᠢᠴᠢ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ ᠶᠢᠨ ᠵᠢᠩ ᠪᠣᠯᠣᠨ ᠬᠥᠭᠵᠢᠯᠲᠡ ᠶᠢᠨ ᠬᠠᠨᠳᠤᠰᠢ ᠶᠢ ᠣᠶᠢᠯᠠᠭᠠᠪᠠ᠃ ᠲᠡᠷᠡ᠂ ᠮᠠᠨ ᠤ ᠤᠯᠤᠰ ᠤᠨ ᠰᠢᠬᠢᠷ ᠤᠨ ᠦᠢᠯᠡᠰ ᠬᠤᠷᠴᠠ ᠰᠢᠷᠦᠭᠦᠨ ᠣᠯᠠᠨ ᠤᠯᠤᠰ ᠤᠨ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠢ ᠪᠤᠯᠭᠠᠬᠤ ᠱᠠᠭᠠᠷᠳᠠᠯᠭ᠎ᠠ ᠶᠣᠰᠣᠭᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠲᠠᠰᠤᠷᠠᠯᠲᠠ ᠦᠭᠡᠢ ᠶᠠᠰᠤ ᠴᠢᠨᠠᠷ ᠢ ᠳᠡᠭᠡᠭᠰᠢᠯᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠠᠰᠢᠭ ᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠠᠴᠠ ᠰᠠᠯᠬᠤ ᠦᠶ᠎ᠡ ᠳᠤ᠂ ᠰᠢ ᠶᠢᠨ ᠫᠢᠩ ᠬᠠᠯᠠᠭᠤᠮᠰᠤᠭ ᠢᠶᠠᠷ ᠦᠳᠡᠨ ᠮᠣᠷᠳᠠᠭᠤᠯᠬᠤ ᠪᠠᠷ ᠢᠷᠡᠭᠰᠡᠨ ᠠᠵᠢᠯᠲᠠᠳ ᠲᠤ᠂ ᠰᠢᠬᠢᠷ ᠪᠣᠯ ᠴᠢᠬᠤᠯᠠ ᠬᠤᠯᠢᠰᠢᠨ ᠢᠳᠡᠭᠡᠨ ᠮᠥᠨ᠂ ᠤᠯᠠᠨ ᠢᠶᠠᠷ ᠢᠶᠠᠨ ᠡᠭᠦᠨ ᠤ ᠲᠥᠯᠥᠭᠡ ᠰᠢᠷᠭᠠᠭᠤ ᠬᠥᠳᠡᠯᠮᠦᠷᠢᠯᠡᠵᠦ᠂ ᠲᠦᠭ ᠲᠦᠮᠡᠨ ᠠᠶᠢᠯ ᠡᠷᠦᠭᠡ ᠳᠤ ︽ᠪᠠᠯ ᠪᠤᠷᠠᠮ︾ ᠬᠦᠷᠭᠡᠪᠡ᠃ ᠣᠯᠠᠨ ᠢᠶᠠᠷ ᠢᠶᠠᠨ ᠲᠠᠰᠤᠷᠠᠯᠲᠠ ᠦᠭᠡᠢ ᠰᠢᠨ᠎ᠡ ᠮᠡᠷᠭᠡᠵᠢᠯ ᠢ ᠰᠤᠷᠤᠯᠴᠠᠵᠤ᠂ ᠰᠢᠨ᠎ᠡ ᠤᠷ᠎ᠠ ᠮᠡᠷᠭᠡᠵᠢᠯ ᠢ ᠬᠡᠷᠡᠭᠯᠡᠨ᠂ ᠰᠢᠬᠢᠷ ᠤᠨ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠪᠡ᠃      15 ᠤ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠸᠠᠩᠰᠢ ᠶᠢᠨ ᠡᠯ᠎ᠡ ᠵᠦᠢᠯ ᠤᠨ ᠠᠵᠢᠯ ᠤᠨ ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃      ᠰᠢ ᠶᠢᠨ ᠫᠢᠩ᠂ ᠭᠤᠸᠠᠩᠰᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠠᠵᠤ ᠦᠢᠯᠡᠰ ᠢ ᠬᠦᠴᠦᠷᠬᠡᠭᠵᠢᠭᠦᠯᠬᠦ ᠠᠵᠢᠯ ᠢ ᠰᠠᠶᠢᠲᠤᠷ ᠬᠢᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠬᠢ ᠪᠠᠶᠠᠯᠢᠭ ᠤᠨ ᠲᠥᠷᠥᠯᠬᠢ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠭᠤᠸᠠᠩᠰᠢ ᠶᠢᠨ ᠣᠨᠴᠠᠯᠢᠭ ᠪᠠ ᠳᠠᠪᠠᠭᠤᠯᠢᠭ ᠢ ᠢᠯᠡᠷᠡᠭᠦᠯᠦᠭᠰᠡᠨ᠂ ᠨᠡᠯᠢᠶᠡᠳ ᠶᠡᠭᠡ ᠬᠡᠪᠴᠢᠶ᠎ᠡ ᠲᠠᠢ ᠪᠠ ᠨᠡᠯᠢᠶᠡᠳ ᠴᠢᠩᠭ᠎ᠠ ᠳᠠᠶᠢᠴᠢᠯᠠᠬᠤ ᠬᠦᠴᠦᠨ ᠲᠠᠢ ᠲᠤᠯᠭᠠᠭᠤᠷᠢ ᠠᠵᠤ ᠦᠢᠯᠡᠰ ᠤᠳ ᠢ ᠪᠤᠢ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠯ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠠᠰᠠᠭᠤᠳᠠᠯ ᠢ ᠰᠢᠢᠳᠪᠦᠷᠢᠯᠡᠬᠦ ᠶᠢ ᠴᠢᠩᠭᠠᠳᠬᠠᠵᠤ᠂ ᠮᠡᠷᠭᠡᠵᠢᠯ ᠤᠨ ᠥᠭᠡᠷᠡᠴᠢᠯᠡᠯᠲᠡ ᠪᠠ ᠦᠢᠯᠡᠳᠬᠦᠨ ᠤ ᠲᠡᠰ ᠳᠡᠪᠰᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠠᠯᠠᠢ ᠳᠠᠭᠠᠤ ᠮᠥᠷᠡᠨ ᠳᠠᠭᠠᠤ ᠶᠢᠨ ᠳᠠᠪᠠᠭᠤᠯᠢᠭ ᠲᠠᠯ᠎ᠠ ᠶᠢ ᠭᠦᠢᠴᠡᠳ ᠠᠰᠢᠭᠯᠠᠵᠤ᠂ ᠳᠠᠯᠠᠢ ᠲᠠᠩᠭᠢᠰ ᠤᠨ ᠠᠵᠤ ᠠᠬᠤᠢ᠂ ᠭᠠᠷᠠᠮ ᠳᠠᠭᠠᠤ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠷᠭᠡᠳᠬᠡᠵᠦ᠂ ᠠᠵᠤ ᠦᠢᠯᠡᠰ ᠤᠨ ᠰᠢᠰᠲ᠋ᠧᠮ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠣᠶ ᠰᠢᠭᠤᠢ ᠶᠢᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ᠂ ᠲᠣᠮᠣ ᠡᠷᠡᠭᠦᠯ ᠮᠡᠨᠳᠦ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠠᠮᠢ ᠠᠬᠤᠢ ᠶᠢᠨ ᠳᠠᠪᠠᠭᠤᠯᠢᠭ ᠢ ᠲᠠᠰᠤᠷᠠᠯᠲᠠ ᠦᠭᠡᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠭᠤᠸᠠᠩᠰᠢ ᠳᠣᠲᠣᠭᠠᠳᠤ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠬᠡᠬᠦ ᠬᠡᠷᠡᠭᠲᠡᠢ᠃ ᠳᠣᠲᠣᠭᠠᠳᠤ ᠭᠠᠳᠠᠭᠠᠳᠤ ᠶᠢᠨ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠵᠤ᠂ ᠨᠡᠩ ᠠᠮᠢᠵᠢᠷᠠᠯ ᠤᠨ ᠬᠦᠴᠦᠨ ᠲᠠᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠠᠯᠠᠢ ᠳᠠᠭᠠᠤ ᠶᠢᠨ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠨ᠎ᠡ ᠪᠠᠶᠢᠷᠢᠯᠠᠭᠤᠯᠤᠯᠲᠠ ᠲᠠᠢ ᠵᠣᠯᠭᠠᠭᠤᠯᠵᠤ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ ᠭᠥᠯᠢᠶᠡᠨ ᠠᠪᠴᠤ᠂ ᠤᠮᠠᠷᠠᠲᠤ ᠶᠢᠨ ᠪᠤᠯᠤᠩ ᠤᠨ ᠠᠵᠤ ᠠᠬᠤᠢ ᠶᠢᠨ ᠣᠷᠣᠨ ᠪᠠ ᠵᠦᠵᠢᠶᠠᠩ ᠮᠥᠷᠡᠨ – ᠰᠢᠵᠢᠶᠠᠩ ᠮᠥᠷᠡᠨ ᠤ ᠠᠵᠤ ᠠᠬᠤᠢ ᠶᠢᠨ ᠪᠦᠰᠡ ᠶᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠲᠦᠷᠭᠡᠳᠬᠡᠨ᠂ ᠭᠤᠸᠠᠩᠰᠢ ᠶᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠭᠤᠣᠯ ᠪᠤᠯᠬᠤ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠪᠠᠷᠠᠭᠤᠨ ᠬᠡᠰᠡᠭ ᠤᠨ ᠡᠬᠡ ᠬᠠᠭᠤᠷᠠᠢ ᠪᠠ ᠲᠠᠯᠠᠢ ᠲᠠᠩᠭᠢᠰ ᠤᠨ ᠰᠢᠨ᠎ᠡ ᠵᠠᠮ ᠱᠤᠭᠤᠮ ᠢ ᠬᠠᠮᠲᠤ ᠪᠠᠷ ᠪᠠᠶᠢᠭᠤᠯᠵᠤ᠂ ᠨᠢᠭᠡ ᠪᠦᠯᠦᠭ ᠴᠢᠬᠤᠯᠠ ᠶᠡᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠫᠢᠩ ᠲᠠᠩ ᠵᠢᠶᠠᠩ ᠺᠧᠦ – ᠯᠤ᠋ ᠦ᠋ ᠪᠠᠯᠭᠠᠰᠤ ᠬᠦᠷᠬᠦ ᠲᠠᠲᠠᠮᠠᠯ ᠭᠤᠣᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠤᠮᠠᠷᠠᠲᠤ ᠶᠢᠨ ᠪᠤᠯᠤᠩ ᠤᠨ ᠤᠯᠠᠨ ᠤᠯᠤᠰ ᠤᠨ ᠬᠠᠭᠠᠯᠭ᠎ᠠ ᠪᠣᠯᠤᠭᠰᠠᠨ ᠭᠠᠷᠠᠮ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠵᠤ᠂ ᠮᠥᠷᠡᠨ ᠲᠡᠮᠦᠷ ᠵᠠᠮ ᠲᠠᠯᠠᠢ ᠲᠠᠩᠭᠢᠰ ᠤᠨ ᠤᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠴᠢᠳᠠᠪᠤᠷᠢ ᠪᠠ ᠠᠦ᠋ᠲ᠋ᠣᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠳᠤᠮᠳᠠᠳᠤ ᠤᠯᠤᠰ – ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠢᠳᠡᠪᠬᠢᠲᠡᠢ ᠦᠢᠯᠡᠴᠢᠯᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠤᠯᠤᠰ ᠤᠳ ᠯᠤᠭ᠎ᠠ ᠶᠢᠨ ᠠᠷᠠᠯᠵᠢᠶ᠎ᠠ ᠬᠤᠳᠠᠯᠳᠤᠭ᠎ᠠ᠂ ᠭᠦᠳᠡᠯᠮᠦᠷᠢ ᠦᠢᠯᠡᠴᠢᠯᠡᠭᠡ᠂ ᠠᠵᠤ ᠦᠢᠯᠡᠰ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠳᠥᠲᠡ ᠭᠠᠵᠠᠷ ᠢ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠰᠠᠭᠤᠷᠢᠯᠠᠬᠤ ᠴᠢᠨᠠᠷᠲᠠᠢ ᠢᠨᠵᠧᠨᠧᠷᠢᠩ ᠮᠥᠨ᠂ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠯᠠᠪᠠᠢ ᠶᠢ ᠲᠣᠭᠲᠠᠪᠤᠷᠢᠵᠢᠭᠤᠯᠬᠤ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠤᠨᠠᠯᠲᠠ ᠶᠢ ᠲᠡᠩᠴᠡᠭᠦᠷᠢᠲᠡᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠭᠤᠸᠠᠩᠰᠢ ᠶᠢᠨ ᠤᠢ ᠰᠢᠭᠤᠢ ᠵᠢᠮᠢᠰ ᠢᠳᠡᠰᠢᠨ ᠨᠣᠭᠤᠭ᠎ᠠ ᠮᠠᠯ ᠠᠵᠤ ᠠᠬᠤᠢ ᠰᠢᠬᠢᠷ ᠵᠡᠷᠭᠡ ᠣᠨᠴᠠᠯᠢᠭᠲᠤ ᠡᠬᠢ ᠪᠠᠶᠠᠯᠢᠭ ᠡᠯᠪᠡᠭ ᠪᠠᠶᠢᠳᠠᠭ ᠳᠠᠪᠠᠭᠤᠯᠢᠭ ᠢ ᠪᠠᠳᠠᠷᠠᠭᠤᠯᠵᠤ᠂ ᠤᠳᠤ ᠦᠶ᠎ᠡ ᠶᠢᠨ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠨᠡᠩ ᠤᠯᠠᠨ ︽ᠭᠤᠸᠠᠩᠰᠢ ᠶᠢᠨ ᠲᠡᠮᠳᠡᠭᠲᠦ︾ ᠲᠠᠷᠢᠶᠠᠯᠠᠩ ᠤᠨ ᠲᠦᠷᠦᠯ ᠲᠡᠮᠳᠡᠭ ᠢ ᠬᠥᠬᠡᠮᠥ᠋ᠷᠡᠨ ᠤ ᠡᠮᠦᠨ᠎ᠡ ᠤᠮᠠᠷ᠎ᠠ ᠳᠤ ᠳᠠᠭᠤᠷᠢᠰᠤᠭᠤᠯᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠬᠥᠳᠡᠭᠡ ᠪᠠᠭᠤᠬᠤ ᠶᠢ ᠵᠣᠷᠢᠭᠵᠢᠭᠤᠯᠬᠤ ᠪᠥᠭᠡᠳ ᠪᠠᠰᠠ ᠬᠤᠷᠢᠭ᠎ᠠ ᠱᠤᠭᠤᠮ ᠢ ᠰᠠᠬᠢᠵᠤ᠂ ᠲᠠᠷᠢᠶᠠᠨ ᠭᠠᠵᠠᠷ ᠢ ᠡᠵᠡᠯᠡᠨ ᠲᠠᠷᠢᠶᠠᠯᠠᠩ ᠤᠨ ᠪᠤᠰᠤ ᠡᠵᠡᠩᠨᠡᠯᠲᠡ ᠬᠢᠬᠦ᠂ ᠠᠮᠤ ᠪᠤᠳᠠᠭᠠᠨ ᠤ ᠪᠤᠰᠤ ᠡᠵᠡᠩᠨᠡᠯᠲᠡ ᠬᠢᠬᠦ ᠶᠢ ᠰᠡᠷᠭᠡᠶᠢᠯᠡᠬᠦ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠠᠶᠢᠯ ᠲᠣᠰᠬᠤᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ ᠪᠠ ᠲᠠᠷᠢᠶᠠᠴᠢᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠭᠤᠸᠠᠩᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠴᠢᠭᠯᠡᠯ ᠪᠤᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠦᠨᠳᠦᠰᠦᠯᠡᠭᠦᠯᠦᠨ ᠪᠠᠲᠤ ᠴᠣᠭᠴᠠᠯᠠᠬᠤ ᠶᠢ ᠠᠵᠤ ᠠᠬᠤᠢ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠡᠶᠢᠭᠡᠮ ᠲᠣᠭᠤᠷᠢᠭ ᠤᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠳᠤ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠠᠯ᠎ᠠ ᠪᠠᠷ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠴᠥᠬᠦᠷᠡᠰᠢ ᠦᠭᠡᠢ ᠴᠢᠷᠮᠠᠶᠢᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠬᠤᠳᠠ ᠬᠥᠳᠡᠭᠡ ᠶᠢᠨ ᠵᠥᠷᠢᠶ᠎ᠡ᠂ ᠣᠷᠣᠨ ᠪᠦᠰᠡ ᠶᠢᠨ ᠵᠥᠷᠢᠶ᠎ᠡ᠂ ᠦᠨᠳᠦᠰᠦᠲᠡᠨ ᠤ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠣᠯ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠨ᠂ ᠺᠠᠳ᠋ᠷ ᠤᠨ ᠡᠩᠨᠡᠭᠡᠨ ᠤ ᠬᠡᠪ ᠴᠢᠨᠠᠷ ᠪᠠ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠠᠵᠢᠯ ᠬᠢᠬᠦ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠰᠢᠪᠲᠤᠷᠠᠭᠠᠨ ᠳᠠᠭᠠᠨ ᠣᠷᠣᠪᠠ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠵᠢᠯ ᠤᠨ ᠡᠴᠦᠰ ᠰᠢᠨ᠎ᠡ ᠣᠨ ᠤ ᠡᠬᠢ ᠪᠠᠷ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠬᠠᠩᠭᠠᠯᠭ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠢ ᠨᠠᠷᠢᠯᠢᠭᠵᠢᠭᠤᠯᠤᠨ ᠰᠠᠶᠢᠲᠤᠷ ᠠᠳᠬᠤᠵᠤ᠂ ᠬᠥᠯᠥᠰᠦᠨ ᠲᠠᠷᠢᠶᠠᠴᠢᠨ ᠤ ᠴᠠᠯᠢᠩ ᠬᠥᠯᠥᠰᠦ ᠶᠢ ᠥᠷᠢᠲᠦᠬᠦ ᠠᠰᠠᠭᠤᠳᠠᠯ ᠢ ᠠᠩᠬᠠᠷᠤᠨ ᠰᠢᠢᠳᠪᠦᠷᠢᠯᠡᠵᠦ᠂ ᠠᠷᠠᠳ ᠤᠯᠠᠨ ᠤ ᠪᠠᠶᠠᠷ ᠤᠨ ᠡᠳᠦᠷ ᠲᠡᠭᠡᠨ ᠭᠦᠷ ᠨᠠᠷᠭᠢᠶᠠᠨ ᠲᠠᠢ ᠥᠯᠵᠡᠢ ᠪᠡᠯᠭᠡ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠣᠶᠢᠷ᠎ᠠ ᠶᠢᠨ ᠬᠡᠳᠦᠨ ᠡᠳᠦᠷ᠂ ᠮᠠᠨ ᠤ ᠤᠯᠤᠰ ᠤᠨ ᠤᠮᠠᠷᠠᠲᠤ ᠣᠷᠣᠨ᠂ ᠬᠠᠲᠤᠨ ᠭᠤᠣᠯ ᠬᠤᠸᠠᠶᠢᠾᠧ ᠭᠤᠣᠯ ᠳᠠᠭᠠᠤ ᠣᠷᠣᠨ ᠳᠤ ᠨᠡᠶᠢᠳᠡᠮ ᠳᠤᠮᠳᠠ ᠠᠴᠠ ᠶᠡᠭᠡ ᠴᠠᠰᠤ ᠣᠷᠣᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠳᠤ ᠵᠣᠬᠢᠬᠤ ᠨᠥᠯᠥᠭᠡ ᠪᠣᠯᠪᠠ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠲᠠ ᠠᠩᠬᠠᠷᠴᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠭᠠᠮᠰᠢᠭ ᠠᠴᠠ ᠪᠣᠯᠤᠭᠰᠠᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠸᠠᠩ ᠢ᠂ ᠯᠢ ᠭᠠᠨ ᠵᠢᠶᠧ᠂ ᠾᠧ ᠯᠢ ᠹᠧᠩ᠂ ᠸᠠᠩ ᠰᠢᠶᠣᠣ ᠬᠤᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠠᠷᠪᠠᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      12 ᠰᠠᠷ᠎ᠠ ᠶᠢᠨ 15 ᠤ ᠦᠳᠡ ᠶᠢᠨ ᠡᠮᠦᠨ᠎ᠡ᠂ ᠰᠢ ᠶᠢᠨ ᠫᠢᠩ ᠨᠠᠨᠨᠢᠩ ᠳᠤ᠂ ᠨᠠᠨᠨᠢᠩ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠨᠠᠨᠨᠢᠩ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1