ᠲᠣᠭᠲᠠᠬᠤ ᠰᠢᠶᠠᠨ ᠴᠢᠬᠤᠯᠠ ᠶᠡᠭᠡ ᠲᠦᠷᠦᠯ ᠵᠦᠢᠯ ᠢ ᠲᠥᠪᠯᠡᠷᠡᠭᠦᠯᠦᠨ ᠳᠠᠶᠢᠴᠢᠯᠠᠬᠤ ᠵᠢᠴᠢ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠭᠦᠢᠴᠡᠳᠬᠡᠬᠦ ᠶᠢ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/19
      12 ᠳ᠋ᠤᠭᠠᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠲᠣᠭᠲᠠᠬᠤ ᠰᠢᠶᠠᠨ ᠤ ᠴᠢᠬᠤᠯᠠ ᠶᠡᠭᠡ ᠲᠦᠷᠦᠯ ᠵᠦᠢᠯ ᠢ ᠲᠥᠪᠯᠡᠷᠡᠭᠦᠯᠦᠨ ᠳᠠᠶᠢᠴᠢᠯᠠᠬᠤ ᠵᠢᠴᠢ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠭᠦᠢᠴᠡᠳᠬᠡᠬᠦ ᠶᠢ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠬᠤᠷᠠᠯ ᠢ ᠡᠷᠭᠢᠯᠡᠨ ᠬᠤᠷᠠᠯᠳᠤᠭᠤᠯᠪᠠ᠃ 2024 ᠣᠨ ᠤ ᠴᠢᠬᠤᠯᠠ ᠶᠡᠭᠡ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ ᠪᠦᠬᠦ ᠰᠢᠶᠠᠨ ᠢ ᠳᠠᠶᠢᠴᠢᠯᠠᠨ ᠴᠤᠭ ᠰᠦᠯᠳᠡ ᠶᠢ ᠨᠢ ᠤᠯᠠᠮ ᠨᠢᠭᠡ ᠠᠯᠬᠤᠮ ᠬᠥᠭᠵᠢᠭᠡᠵᠦ᠂ ᠡᠷᠴᠢ ᠵᠣᠷᠢᠭ ᠢ ᠨᠢ ᠭᠦᠢᠴᠡᠳ ᠪᠠᠳᠠᠷᠠᠭᠤᠯᠵᠤ᠂ ᠠᠷᠭ᠎ᠠ ᠬᠡᠮᠵᠢᠶ᠎ᠡ ᠶᠢ ᠨᠢ ᠴᠢᠩᠭᠠᠷᠠᠭᠤᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠲᠦᠷᠦᠯ ᠵᠦᠢᠯ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠭᠦᠢᠴᠡᠳ ᠠᠰᠢᠭᠯᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠭᠦᠢᠴᠡᠳᠬᠡᠬᠦ ᠶᠢ ᠲᠥᠪᠯᠡᠷᠡᠭᠦᠯᠦᠨ ᠪᠣᠭᠤᠮᠲᠠ ᠰᠢᠪᠲᠤᠯᠤᠨ᠂ ᠴᠢᠬᠤᠯᠠ ᠶᠡᠭᠡ ᠲᠦᠷᠦᠯ ᠵᠦᠢᠯ ᠤᠨ ᠬᠠᠪᠤᠷ ᠤᠨ ᠡᠬᠢ ᠪᠠᠷ ᠠᠵᠢᠯ ᠡᠬᠢᠯᠡᠬᠦ ᠶᠢ ᠪᠠᠲᠤᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠤᠨ᠎ᠠ᠃      ᠬᠤᠷᠠᠯ ᠠᠴᠠ ᠪᠦᠬᠦ ᠰᠢᠶᠠᠨ ᠤ 2024 ᠣᠨ ᠳᠤ ᠬᠡᠷᠡᠭᠵᠢᠭᠦᠯᠬᠦ ᠪᠠᠷ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠵᠢᠴᠢ ᠭᠠᠷ ᠭᠦᠢᠴᠡᠳᠬᠡᠯ ᠢ ᠭᠦᠢᠴᠡᠳᠬᠡᠭᠰᠡᠨ ᠠᠬᠢᠴᠠ ᠶᠢᠨ ᠪᠠᠶᠢᠳᠠᠯ ᠢ ᠮᠡᠳᠡᠭᠳᠡᠪᠡ︔ ︽ᠲᠣᠭᠲᠠᠬᠤ ᠰᠢᠶᠠᠨ ᠤ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ︿ᠵᠠᠭᠤᠨ ᠡᠳᠦᠷ ᠤᠨ ᠪᠣᠭᠤᠮᠲᠠ ᠰᠢᠪᠲᠤᠯᠬᠤ﹀ ᠶᠢᠨ ᠬᠡᠷᠡᠭᠵᠢᠭᠦᠯᠬᠦ ᠲᠥᠰᠥᠯ︾ ᠳᠤ ᠲᠠᠶᠢᠯᠤᠮᠵᠢ ᠬᠢᠭᠰᠡᠨ ᠪᠥᠭᠡᠳ‌ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠯᠠᠩ ᠺᠦᠨ᠂ ᠶᠢᠨ ᠳ᠋ᠠ ᠸᠧᠢ᠂ ᠵᠠᠩ ᠢ᠂ ᠴᠠᠩ ᠱᠧᠩ᠂ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠬᠠᠳᠠᠭᠠᠯᠠᠮᠵᠢ ᠶᠢᠨ ᠡᠨᠧᠷᠭᠢ᠂ ᠬᠤᠸᠠ ᠷᠦᠨ ᠱᠤᠸᠠᠩ ᠾᠧ᠂ ᠵᠢᠦ ᠲᠠᠢ ᠵᠡᠷᠭᠡ ᠠᠵᠤ ᠠᠬᠤᠶᠢᠯᠠᠯ ᠤᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠪᠠ ᠭᠠᠷᠳᠠᠮ ᠢ ᠭᠦᠢᠴᠡᠳᠬᠡᠬᠦ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠨᠢᠭᠡ ᠤᠳᠠᠭᠠᠨ ᠤ ᠠᠵᠤ ᠠᠬᠤᠶᠢᠯᠠᠯ ᠪᠣᠯᠣᠨ ᠵᠠᠰᠠᠭ ᠤᠨ ᠣᠷᠳᠣᠨ ᠤ ︽ᠬᠤᠣᠰ ᠴᠢᠭᠯᠡᠯᠳᠦ ᠴᠢᠷᠮᠠᠶᠢᠯᠭ᠎ᠠ︾ ᠪᠣᠯᠣᠨ᠎ᠠ᠃ ᠡᠯ᠎ᠡ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠦᠷᠦᠯ ᠵᠦᠢᠯ ᠢ ᠠᠬᠢᠭᠤᠯᠬᠤ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠬᠢᠭᠤᠯᠵᠤ᠂ ᠢᠷᠡᠬᠦ ᠵᠢᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ  ᠱᠠᠭᠠᠷᠳᠠᠪᠠ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠲᠦᠷᠦᠯ ᠵᠦᠢᠯ ᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠲᠥᠯᠥᠪᠵᠢᠭᠦᠯᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ︽ᠲᠡᠷᠢᠭᠦᠨ ᠴᠢᠬᠤᠯᠠ ᠶᠠᠪᠤᠳᠠᠯ︾ ᠪᠣᠯᠭᠠᠨ ᠠᠳᠬᠤᠵᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠢᠳᠡᠪᠬᠢᠲᠡᠢ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠦᠨᠡᠨᠬᠦ ᠬᠤᠪᠢᠷᠠᠭᠤᠯᠵᠤ᠂ ᠲᠤᠰᠬᠠᠢ ᠠᠩᠭᠢ ᠶᠢᠨ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ ᠪᠠᠷ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠴᠢᠬᠤᠯᠠ ᠶᠡᠭᠡ ᠲᠥᠷᠥᠯ ᠵᠦᠢᠯ ᠤᠨ ᠪᠥᠬᠦ ᠶᠠᠪᠤᠴᠠ ᠶᠢᠨ ᠠᠰᠠᠷᠠᠭᠴᠢ ᠮᠠᠶ᠋ᠢᠭ ᠤᠨ ᠦᠢᠯᠡᠴᠢᠯᠡᠭᠡᠨ ᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢ ᠬᠥᠮᠥᠨ ᠳᠤ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠨᠢᠭᠡ ᠱᠠᠲᠤ ᠨᠢ ᠨᠢᠭᠡ ᠱᠠᠲᠤ ᠪᠠᠨ ᠬᠠᠮᠢᠶᠠᠷᠴᠦ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠭᠠᠷᠳᠠᠮ ᠢ ᠳᠥᠭᠦᠮᠴᠢᠯᠡᠨ᠂ ᠶᠠᠪᠤᠴᠠ ᠶᠢ ᠰᠢᠯᠢᠳᠡᠭᠵᠢᠭᠦᠯᠵᠦ᠂ ᠴᠠᠭ ᠤᠨ ᠬᠢᠵᠠᠭᠠᠷ ᠢ ᠪᠠᠭᠠᠰᠬᠠᠬᠤ ᠲᠠᠯ᠎ᠠ ᠪᠠᠷ ᠬᠦᠴᠦ ᠲᠠᠯᠪᠢᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ ᠠᠵᠢᠯ ᠢ ᠦᠨᠡᠨᠬᠦ ᠲᠦᠷᠭᠡᠳᠬᠡᠨ ᠠᠬᠢᠭᠤᠯᠬᠤ ᠬᠡᠷᠡᠭᠲᠡᠢ᠃ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠨᠡ ᠵᠢᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1