ᠮᠠᠨ ᠤ ᠬᠤᠲᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ ᠲᠤᠰᠬᠠᠢ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠢᠴᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ  ᠬᠤᠷᠠᠯᠳᠤᠭᠤᠯᠵᠠᠢ᠂ ᠪᠤᠤ ᠭᠠᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ ᠯᠢ ᠵᠢᠶᠦ᠋ᠩ ᠼᠦᠢ ᠵᠧᠨ ᠦ᠋ ᠣᠷᠣᠯᠴᠠᠵᠠᠢ
ᠨᠡᠶᠢᠲᠡᠯᠡᠭᠰᠡᠨ ᠴᠠᠭ᠄
2023/12/20
      12 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ ᠲᠤᠰᠬᠠᠢ ᠵᠦᠢᠯ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠢᠴᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠠᠢ᠃      ᠬᠤᠷᠠᠯ ᠠᠴᠠ ᠪᠦᠬᠦ ᠬᠤᠳᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠪᠣᠯᠣᠨ ᠪᠦᠬᠦ ᠬᠤᠳᠠ ᠶᠢᠨ ᠨᠠᠮ ᠤᠨ ᠭᠠᠳᠠᠨᠠᠬᠢ ᠬᠥᠮᠥᠰ ᠤᠨ 2022 ᠣᠨ ᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠶᠢᠨ ᠰᠡᠳᠦᠪ ᠤᠨ ᠦᠷ᠎ᠡ ᠪᠦᠲᠦᠭᠡᠯ ᠢ ᠬᠤᠪᠢᠷᠠᠭᠤᠯᠤᠭᠰᠠᠨ ᠵᠢᠴᠢ 2023 ᠣᠨ ᠤ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠭᠰᠡᠨ ᠪᠠᠶᠢᠳᠠᠯ ᠢ ᠨᠡᠶᠢᠲᠡᠯᠡᠵᠡᠢ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠳᠠ ᠶᠢᠨ ᠨᠠᠮ ᠤᠨ ᠬᠤᠷᠢᠶᠠᠨ ᠤ ᠡᠷᠬᠢᠯᠡᠭᠴᠢ ᠭᠡᠰᠢᠭᠦᠨ ᠪᠠ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃ ᠪᠤᠤ ᠭᠠᠩ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠤᠲᠠᠯᠠᠵᠤ᠂ ᠤᠯᠠᠨ ᠢᠶᠠᠷ ᠢᠶᠠᠨ ᠪᠠᠶᠢᠴᠠᠭᠠᠨ ᠰᠤᠳᠤᠯᠤᠯᠲᠠ ᠪᠠᠨ ᠭᠦᠨᠵᠡᠭᠡᠶᠢᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠳᠤ ᠲᠤᠰᠠᠲᠠᠢ ᠨᠡᠩ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠳᠤᠷᠠᠳᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠠᠶᠢᠲᠤᠷ ᠠᠰᠢᠭᠯᠠᠵᠤ᠂ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠵᠠᠢ᠃      ᠪᠤᠤ ᠭᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠤᠯᠠᠨ ᠨᠠᠮ ᠤᠨ ᠬᠠᠮᠲᠤᠷᠠᠨ ᠠᠵᠢᠯᠯᠠᠬᠤ ᠦᠢᠯᠡᠰ ᠤᠨ ᠡᠷᠡᠭᠦᠯ ᠢᠶᠠᠷ ᠬᠥᠭᠵᠢᠬᠦ ᠶᠢᠨ ᠦᠨᠳᠦᠰᠦᠨ ᠪᠠᠲᠤᠯᠠᠭ᠎ᠠ ᠮᠥᠨ᠂ ᠠᠷᠠᠳᠴᠢᠯᠠᠭᠰᠠᠨ ᠨᠠᠮ ᠪᠦᠯᠦᠭ ᠤᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠵᠥᠪᠯᠡᠭᠴᠢ᠂ ᠰᠠᠶᠢᠨ ᠬᠠᠪᠰᠤᠷᠤᠭᠴᠢ᠂ ᠰᠠᠶᠢᠨ ᠬᠠᠮᠲᠤ ᠠᠵᠢᠯᠯᠠᠭᠴᠢ ᠪᠣᠯᠬᠤ ᠳᠤ᠂ ᠵᠠᠩᠭᠢᠯᠠᠭ᠎ᠠ ᠨᠢ ᠤᠯᠤᠰ ᠲᠦᠷᠦ ᠶᠢᠨ ᠮᠡᠳᠡᠷᠡᠮᠵᠢ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠰᠡᠷᠭᠡᠭ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠦᠢᠯᠡ ᠠᠵᠢᠯᠯᠠᠭᠠᠨ ᠤ ᠲᠠᠯ᠎ᠠ ᠪᠠᠷ ᠤᠬᠠᠮᠰᠠᠷ ᠲᠠᠢ ᠪᠠᠶᠢᠬᠤ ᠶᠢ ᠪᠡᠶᠡᠯᠡᠭᠦᠯᠵᠦ᠂ ᠢᠮᠠᠭᠲᠠ ᠨᠢᠭᠡ ᠰᠡᠳᠬᠢᠯ ᠨᠢᠭᠡ ᠴᠢᠭᠯᠡᠯ ᠲᠠᠢ᠂ ᠨᠢᠭᠡ ᠬᠦᠴᠦᠨ ᠢᠶᠠᠷ ᠬᠠᠮᠲᠤ ᠤᠷᠤᠭᠰᠢᠯᠠᠬᠤ ᠳᠤ ᠪᠠᠶᠢᠨ᠎ᠠ᠃ ᠭᠤᠣᠯ ᠶᠡᠭᠡ ᠲᠠᠯ᠎ᠠ ᠲᠠᠢ ᠤᠶᠠᠯᠳᠤᠭᠤᠯᠤᠨ ᠬᠦᠴᠦᠨ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠭᠤᠣᠯᠳᠠᠭᠤᠯᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡ ᠬᠢᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠰᠠᠶᠢᠲᠤᠷ ᠭᠦᠢᠴᠡᠳᠬᠡᠬᠦ ᠬᠡᠷᠡᠭᠲᠡᠢ᠃ ᠬᠥᠭᠵᠢᠯᠲᠡ ᠶᠢᠨ ᠬᠤᠷᠳᠤᠳᠬᠠᠭᠤᠷ ᠪᠣᠯᠵᠤ᠂ ᠣᠷᠣᠨ ᠤ ᠲᠥᠪ ᠤᠨ ᠠᠵᠤ ᠦᠢᠯᠡᠰ ᠤᠨ ᠬᠥᠭᠵᠢᠯᠲᠡ᠂ ᠨᠡᠭᠡᠭᠡᠯᠲᠡ ᠶᠢᠨ ᠪᠠᠶᠢᠷᠢᠰᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠰᠠᠭᠤᠳᠠᠯ ᠤᠨ ᠳᠤᠲᠠᠭᠤᠳᠠᠯ ᠢ ᠴᠢᠩᠭ᠎ᠠ ᠠᠩᠬᠠᠷᠴᠤ᠂ ᠬᠤᠯᠪᠣᠭᠳᠠᠯ ᠪᠦᠬᠦᠢ ᠠᠵᠤ ᠠᠬᠤᠶᠢᠯᠠᠯ ᠪᠣᠯᠣᠨ ᠳᠠᠭᠠᠭᠤᠯᠤᠭᠴᠢ ᠴᠢᠳᠠᠪᠤᠷᠢᠲᠠᠨ ᠢ ᠢᠳᠡᠪᠬᠢᠲᠡᠢ ᠬᠠᠪᠰᠤᠷᠤᠨ ᠵᠣᠯᠭᠠᠭᠤᠯᠵᠤ᠂ ᠲᠣᠮᠣ ᠠᠵᠤ ᠠᠬᠤᠶᠢᠯᠠᠯ ᠪᠣᠯᠣᠨ ᠬᠦᠴᠦᠷᠬᠡᠭ ᠤᠯᠤᠰ ᠢ ᠳᠠᠳᠠᠨ ᠣᠷᠣᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ᠃ ᠤᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠭᠰᠠᠨ ᠰᠠᠶᠢᠨ ᠬᠥᠮᠥᠨ ᠪᠣᠯᠵᠤ᠂ ᠤᠯᠠᠨ ᠲᠦᠮᠡᠨ ᠤ ᠵᠣᠭᠰᠣᠴᠠ ᠠᠴᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠠᠷᠢᠭᠤ ᠲᠤᠰᠬᠠᠵᠤ᠂ ᠠᠷᠠᠳ ᠲᠦᠮᠡᠨ ᠤ ᠵᠣᠭᠰᠣᠯᠲᠠ ᠳᠤ ᠵᠣᠭᠰᠣᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠢ ᠦᠨᠡᠨ ᠬᠦ ᠬᠠᠪᠰᠤᠷᠴᠤ ᠪᠠᠶᠢᠭᠠᠳ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠦᠯᠵᠦ᠂ ᠠᠷᠠᠳ ᠤᠨ ᠠᠮᠢᠳᠤᠷᠠᠯ ᠢ ᠨᠡᠩ ᠰᠠᠶᠢᠨ ᠪᠠᠲᠤᠯᠠᠬᠤ ᠬᠡᠷᠡᠭᠲᠡᠢ᠃ ᠰᠠᠶᠢᠨ ᠳᠦᠷᠢ ᠲᠥᠷᠬᠦ ᠶᠢᠨ ᠤᠬᠠᠭᠤᠯᠭ᠎ᠠ ᠶᠢᠨ ᠳᠠᠷᠤᠭ᠎ᠠ ᠪᠣᠯᠵᠤ᠂ ᠨᠡᠶᠢᠭᠡᠮ ᠤᠨ ᠡᠯ᠎ᠡ ᠡᠲᠡᠭᠡᠳ ᠲᠤ ᠬᠥᠬᠡᠬᠤᠲᠠ ᠶᠢ ᠢᠯᠡᠭᠦᠬᠡᠨ ᠲᠠᠨᠢᠯᠴᠠᠭᠤᠯᠵᠤ᠂ ᠬᠥᠬᠡᠬᠤᠲᠠ ᠶᠢ ᠢᠯᠡᠭᠦᠬᠡᠨ ᠤᠬᠠᠭᠤᠯᠵᠤ᠂ ᠨᠡᠩ ᠤᠯᠠᠨ ᠬᠥᠮᠥᠰ ᠲᠤ ᠲᠥᠪ ᠬᠤᠳᠠ ᠶᠢ ᠣᠶᠢᠯᠠᠭᠠᠭᠤᠯᠵᠤ᠂ ᠲᠥᠪ ᠬᠤᠳᠠ ᠶᠢ ᠬᠠᠶᠢᠷᠠᠯᠠᠬᠤ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳᠴᠢᠯᠠᠭᠰᠠᠨ ᠨᠠᠮ ᠪᠦᠯᠦᠭ ᠲᠤ ᠳᠤᠷᠠᠳᠤᠭᠰᠠᠨ ︽ᠭᠤᠷᠪᠠᠨ ᠰᠠᠶᠢᠨ︾ ︽ᠲᠦᠷᠪᠡᠨ ᠰᠢᠨ᠎ᠡ︾ ᠵᠢᠴᠢ ︽ᠲᠠᠪᠤᠨ ᠵᠦᠢᠯ ᠤᠨ ᠴᠢᠳᠠᠪᠤᠷᠢ︾ ᠶᠢ ᠳᠡᠭᠡᠭᠰᠢᠯᠡᠭᠦᠯᠬᠦ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠪᠦᠯᠦᠭ ᠤᠨ ᠪᠦᠷᠢᠯᠳᠦᠭᠦᠨ ᠤ ᠮᠡᠳᠡᠯᠭᠡ ᠶᠢᠨ ᠪᠦᠲᠦᠴᠡ᠂ ᠨᠠᠰᠤᠨ ᠤ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠴᠢᠳᠠᠪᠤᠷᠢ ᠪᠠ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠳᠤ ᠨᠡᠩ ᠰᠠᠶᠢᠨ ᠨᠥᠬᠦᠴᠡᠯ ᠪᠦᠷᠢᠯᠳᠦᠭᠦᠯᠦᠨ ᠥᠭᠴᠦ᠂ ᠪᠠᠲᠤ ᠪᠠᠬᠢ ᠪᠠᠲᠤᠯᠠᠭ᠎ᠠ ᠬᠠᠩᠭᠠᠨ᠎ᠠ ᠭᠡᠵᠦ ᠢᠯᠡᠳᠬᠡᠪᠡ᠃      ᠬᠤᠲᠠ ᠶᠢᠨ ᠤᠳᠤᠷᠢᠳᠤᠯᠭ᠎ᠠ ᠯᠢ ᠴᠢᠶᠦᠩ᠂ ᠼᠦᠢ ᠵᠧᠨ ᠦ᠋᠂ ᠹᠠᠩ ᠢᠦᠢ ᠳ᠋ᠦᠩ᠂ ᠸᠠᠩ ᠬᠠᠢ ᠢᠦᠢ᠂ ᠭᠧ ᡁᠢ ᠮᠢᠨ᠂ ᠵᠢᠶᠣᠣ ᠬᠤᠩ ᠬᠤᠷᠠᠯ ᠳᠤ ᠣᠷᠣᠯᠴᠠᠪᠠ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1