ᠲᠣᠭᠲᠠᠬᠤ ᠰᠢᠶᠠᠨ ︽ᠭᠤᠷᠪᠠ ᠶᠢ ᠴᠢᠩᠭᠠᠳᠬᠠᠬᠤ︾ ᠶᠢ ᠪᠠᠷᠢᠮᠲᠠᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠪᠠᠷ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/12/22
      ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠳᠤ ᠳᠤᠷᠠᠳᠤᠭᠰᠠᠨ ︽ᠲᠠᠪᠤᠨ ᠰᠢᠯᠭᠠᠷᠠᠭᠰᠠᠨ︾ ᠢᠶᠠᠷ ᠬᠠᠷᠠᠯᠲᠠ ᠪᠣᠯᠭᠠᠵᠤ᠂ ᠤᠯᠤᠰ ᠲᠥᠷᠥ ᠬᠠᠤᠯᠢ ᠴᠠᠭᠠᠵᠠ   ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ︽ᠡᠷᠭᠢᠨ ᠬᠠᠷᠠᠬᠤ︾᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠶᠢ ᠭᠦᠨᠵᠡᠭᠡᠶᠢᠷᠡᠭᠦᠯᠬᠦ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠠᠷᠬᠠᠭ ᠭᠡᠮ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ︽ᠭᠤᠷᠪᠠ ᠶᠢ ᠴᠢᠩᠭᠠᠳᠬᠠᠬᠤ︾ ᠶᠢ ᠪᠠᠷᠢᠮᠲᠠᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠴᠢᠳᠠᠪᠤᠷᠢ ᠪᠠ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠨᠠᠮ ᠢ ᠰᠡᠳᠬᠢᠯ ᠠᠮᠤᠷ ᠪᠠᠶᠢᠯᠭᠠᠬᠤ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠣᠯᠭᠠᠬᠤ ᠥᠨᠳᠥᠷ ᠬᠡᠪ ᠪᠣᠯᠪᠠᠰᠤᠷᠠᠯ ᠲᠠᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠪᠠᠶᠢᠭᠤᠯᠪᠠ᠃ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠦ ᠤᠯᠤᠰ ᠲᠦᠷᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠪᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠰᠤᠷᠤᠯᠴᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠲᠠᠭᠠᠨ ᠰᠤᠷᠤᠯᠴᠠᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠨᠤᠯ ᠤᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ᠃ ︽ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ︾ ᠤᠨ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠭᠤᠷᠪᠠᠨ ᠵᠢᠯ ᠳᠤ ᠪᠦᠬᠦᠨ ᠢ ᠪᠦᠷᠬᠦᠭᠦᠯᠬᠦ ︽ᠢᠨᠵᠧᠨᠧᠷᠢᠩ ᠢ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠲᠥᠯᠥᠪᠯᠡᠭᠡ ᠲᠠᠢ᠂ ᠲᠡᠰ ᠳᠠᠪᠬᠤᠷᠭ᠎ᠠ ᠬᠤᠪᠢᠶᠠᠨ᠂ ᠴᠢᠨᠠᠷ ᠰᠠᠶᠢᠲᠠᠢ ᠦᠷᠨᠢᠭᠦᠯᠪᠡ᠃ ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠤᠯᠭ᠎ᠠ 7 ᠤᠳᠠᠭ᠎ᠠ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠥᠷᠨᠢᠭᠦᠯᠵᠦ᠂ 270 ᠭᠠᠷᠤᠢ ᠬᠥᠮᠥᠨ ᠤᠳᠠᠭ᠎ᠠ ᠪᠣᠯᠪᠠᠰᠤᠷᠠᠯ ᠳᠤ ᠣᠷᠣᠯᠴᠠᠵᠤ᠂ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠣᠯᠪᠠᠰᠤᠷᠠᠯ ᠤᠨ ᠠᠩᠭᠢ ᠳᠤ 8 ᠬᠤᠭᠤᠴᠠᠭ᠎ᠠ ᠣᠷᠣᠯᠴᠠᠭᠤᠯᠪᠠ︔ ᠰᠢᠶᠠᠨ ᠤ ᠰᠢᠭᠦᠬᠦ ᠬᠤᠷᠢᠶ᠎ᠠ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠪᠠ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠶᠢ 6 ᠤᠳᠠᠭ᠎ᠠ ᠥᠷᠨᠢᠭᠦᠯᠵᠦ᠂ ᠣᠷᠣᠨ ᠲᠤᠭ᠎ᠠ ᠳᠤ ᠪᠠᠶᠢᠭ᠎ᠠ ᠺᠠᠳ᠋ᠷ ᠴᠠᠭᠳᠠᠭ᠎ᠠ ᠶᠢ 355 ᠬᠥᠮᠥᠨ ᠤᠳᠠᠭ᠎ᠠ ᠪᠣᠯᠪᠠᠰᠤᠷᠠᠭᠤᠯᠪᠠ︔ ᠰᠢᠶᠠᠨ ᠤ ᠪᠠᠶᠢᠴᠠᠭᠠᠬᠤ ᠬᠤᠷᠢᠶ᠎ᠠ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠪᠠ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠶᠢ 14 ᠤᠳᠠᠭ᠎ᠠ ᠥᠷᠨᠢᠭᠦᠯᠵᠦ᠂ ᠺᠠᠳ᠋ᠷ ᠴᠠᠭᠳᠠᠭ᠎ᠠ ᠶᠢᠨ ᠪᠣᠯᠪᠠᠰᠤᠷᠠᠯ ᠳᠤ 570 ᠭᠠᠷᠤᠢ ᠬᠥᠮᠥᠨ ᠤᠳᠠᠭ᠎ᠠ ᠣᠷᠣᠯᠴᠠᠪᠠ︔ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠪᠠ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ ᠶᠢ 3 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 400 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠠᠢ︔ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠯ ᠵᠢᠴᠢ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠶᠢ 8 ᠤᠳᠠᠭ᠎ᠠ ᠥᠷᠨᠢᠭᠦᠯᠵᠦ᠂ ᠪᠣᠯᠪᠠᠰᠤᠷᠠᠯ ᠳᠤ ᠣᠷᠣᠯᠴᠠᠭᠰᠠᠨ ᠬᠥᠮᠥᠨ ᠤ ᠲᠤᠭ᠎ᠠ 630 ᠭᠠᠷᠤᠢ ᠬᠥᠮᠥᠨ ᠤᠳᠠᠭ᠎ᠠ ᠳᠤ ᠬᠦᠷᠴᠡᠢ᠃ ᠦᠷᠭᠦᠯᠵᠢᠯᠡᠨ ᠤᠨᠤᠯ ᠢᠶᠠᠷ ᠵᠡᠪᠰᠡᠭᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠪᠦᠬᠦ ᠺᠠᠳ᠋ᠷ ᠴᠠᠭᠳᠠᠭ᠎ᠠ ᠶᠢᠨ ᠵᠠᠮ ᠱᠤᠭᠤᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠡᠩ  ᠪᠠᠳᠤᠳᠬᠠᠪᠠ᠃      ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠦ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠳᠠᠯᠠᠪᠠ     ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠬᠢᠯᠡᠯᠲᠡ ᠶᠢᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠤᠯᠤᠰ ᠲᠥᠷᠥ ᠶᠢᠨ ᠠᠮᠢ ᠠᠬᠤᠢ ᠶᠢᠨ ᠠᠵᠢᠯ ᠤᠨ ᠣᠨ ᠤ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠡᠭᠦᠷᠭᠡ ᠶᠢ ᠵᠠᠳᠠᠯᠬᠤ᠂ ᠠᠵᠢᠯ ᠤᠨ ᠲᠥᠯᠥᠪᠯᠡᠭᠡ ᠶᠢ ᠲᠣᠳᠣᠷᠬᠠᠶᠢᠯᠠᠬᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠲᠠᠢ ᠬᠠᠮᠲᠤ ᠳᠤᠨᠢ ᠰᠤᠳᠤᠯᠵᠤ᠂ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠪᠠᠶᠢᠴᠠᠭᠠᠵᠤ᠂ ᠬᠠᠮᠲᠤ ᠳᠤᠨᠢ ᠬᠢᠨᠠᠨ ᠰᠢᠯᠭᠠᠵᠤ᠂ ᠱᠠᠲᠤ ᠱᠠᠲᠤ ᠪᠠᠷ ᠲᠦᠯᠬᠢᠨ ᠠᠬᠢᠭᠤᠯᠬᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠪᠡ᠃ ︽ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠶᠢᠨ ᠡᠮᠬᠢᠳᠬᠡᠯ︾ ᠢ 700 ᠭᠠᠷᠤᠢ ᠬᠤᠪᠢ ᠲᠣᠭᠲᠠᠭᠠᠨ ᠲᠠᠷᠬᠠᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠲᠥᠪᠯᠡᠷᠡᠩᠭᠦᠢ ᠰᠤᠷᠤᠯᠴᠠᠯᠭ᠎ᠠ ᠶᠢ 40 ᠭᠠᠷᠤᠢ ᠤᠳᠠᠭ᠎ᠠ ᠥᠷᠨᠢᠭᠦᠯᠵᠦ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠮᠡᠳᠡᠭᠦᠯᠦᠯᠲᠡ ᠶᠢ 9 ᠤᠳᠠᠭ᠎ᠠ ᠬᠢᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠨᠠᠮ ᠤᠨ ᠬᠢᠴᠢᠶᠡᠯ ᠢ 17 ᠤᠳᠠᠭ᠎ᠠ ᠶᠠᠷᠢᠵᠤ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ 12 ᠤᠳᠠᠭ᠎ᠠ ᠦᠵᠡᠵᠦ᠂ ᠺᠠᠳ᠋ᠷᠴᠤᠳ 680 ᠭᠠᠷᠤᠢ ᠬᠤᠪᠢ ᠣᠯᠣᠯᠲᠠ ᠲᠥᠷᠥᠭᠳᠡᠯ ᠢᠶᠠᠨ ᠪᠢᠴᠢᠪᠡ᠃ ᠤᠯᠤᠰ ᠲᠦᠷᠦ ᠬᠠᠤᠯᠢ ᠴᠠᠭᠠᠵᠠ ᠶᠢᠨ ᠪᠦᠬᠦ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠨᠡᠶᠢᠲᠡ ᠶᠢᠨ ᠴᠢᠨᠠᠷᠲᠠᠢ ᠠᠶᠤᠯ ᠲᠦᠭᠰᠢᠭᠦᠷᠢ ᠶᠢᠨ ᠴᠡᠭ 8 ᠶᠢ ᠡᠮᠬᠢᠯᠡᠨ ᠲᠢᠭᠯᠡᠪᠡ᠃ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾᠂ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ︽ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠷᠢᠭᠤᠴᠠᠯᠭ᠎ᠠ ᠶᠢᠨ ᠪᠢᠴᠢᠭ ︾ ᠲᠤ 800 ᠭᠠᠷᠤᠢ ᠬᠤᠪᠢ ᠭᠠᠷ ᠤᠨ ᠦᠰᠦᠭ ᠵᠢᠷᠤᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠪᠦᠬᠦᠳᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠵᠤ᠂ ᠨᠠᠷᠢᠯᠢᠭᠵᠢᠭᠤᠯᠤᠭᠰᠠᠨ᠂ ᠪᠦᠷᠢᠳᠦᠭᠦᠯᠦᠭᠰᠡᠨ᠂ ᠪᠣᠳᠠᠲᠠᠶᠢᠵᠢᠭᠤᠯᠤᠭᠰᠠᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠤᠯᠤᠰ ᠲᠦᠷᠦ ᠶᠢᠨ ᠱᠠᠯᠠᠪᠳᠠᠭᠤᠯᠤᠨ ᠪᠠᠶᠢᠴᠠᠭᠠᠯᠲᠠ ᠪᠠ ᠰᠠᠬᠢᠯᠭ᠎ᠠ ᠪᠠᠲᠤ ᠣᠪᠣᠷ ᠰᠤᠷᠲᠠᠯ ᠤᠨ ᠱᠠᠯᠠᠪᠳᠠᠭᠤᠯᠤᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠪᠠᠶᠢᠴᠠᠭᠠᠨ ᠦᠵᠡᠬᠦ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠰᠤᠷᠭᠠᠨ ᠬᠥᠮᠥᠵᠢᠭᠦᠯᠵᠦ ᠴᠡᠭᠴᠡᠯᠡᠭᠰᠡᠨ ᠭᠡᠮ ᠠᠷᠬᠠᠭ ᠤᠨ 6 ᠲᠦᠷᠦᠯ ᠤᠨ 25 ᠵᠦᠢᠯ ᠤᠨ ᠨᠠᠷᠢᠨ ᠲᠠᠩᠰᠠ ᠶᠢ ᠡᠮᠬᠢᠯᠡᠨ ᠴᠡᠭᠴᠡᠯᠡᠪᠡ᠃ ᠬᠠᠨᠳᠤᠯᠭᠠᠲᠤ ᠴᠢᠨᠠᠷᠲᠠᠢ ᠪᠠᠷ ᠠᠷᠠᠳ ᠤᠨ ᠲᠥᠯᠥᠭᠡ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ 40 ᠭᠠᠷᠤᠢ ᠵᠦᠢᠯ ᠢ ᠲᠣᠭᠲᠠᠭᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠭᠦᠭᠰᠡᠨ ᠤ ᠬᠠᠮᠲᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷᠴᠤᠳ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠴᠢᠳᠠᠪᠤᠷᠢ ᠢᠯᠡᠳᠲᠡ ᠳᠡᠭᠡᠭᠰᠢᠯᠡᠪᠡ᠃      ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠦ ᠡᠩᠨᠡᠭᠡᠨ ᠤ ᠠᠮᠢᠳᠤᠯᠢᠭ ᠬᠦᠴᠦᠨ ᠢ ᠪᠠᠳᠠᠷᠠᠭᠤᠯᠪᠠ       ︽ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾᠂ ︽ᠨᠠᠮ ᠵᠠᠰᠠᠭ ᠤᠨ ᠪᠠᠶᠢᠭᠤᠯᠭ᠎ᠠ ᠪᠠ ᠨᠢᠭᠤᠴᠠ ᠳᠤ ᠬᠤᠯᠪᠣᠭᠳᠠᠬᠤ ᠨᠢᠭᠡᠴᠢ ᠶᠢᠨ ᠰᠦᠯᠵᠢᠶᠡᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ︽ᠲᠣᠭᠲᠠᠬᠤ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ 2023 ᠣᠨ ᠤ ᠨᠢᠭᠤᠴᠠ ᠶᠢ ᠬᠠᠮᠠᠭᠠᠯᠠᠬᠤ ᠠᠵᠢᠯ ᠤᠨ ᠭᠤᠣᠯᠳᠠᠯᠭ᠎ᠠ︾ ᠶᠢ ᠲᠣᠭᠲᠠᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠪᠠ᠃ ᠲᠠᠩᠰᠠ ᠡᠪᠬᠡᠮᠡᠯ ᠤᠨ ᠠᠮᠤᠷ ᠲᠦᠪᠰᠢᠨ ᠢ ᠲᠠᠩᠰᠠ ᠡᠪᠬᠡᠮᠡᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠩᠰᠠ ᠡᠪᠬᠡᠮᠡᠯ ᠤᠨ ᠰᠦᠯᠵᠢᠶᠡᠨ ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ︽ᠮᠡᠳᠡᠭᠡ ᠵᠠᠩᠭᠢ ᠶᠢ ᠢᠯᠡ ᠪᠣᠯᠭᠠᠬᠤ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ︾ ︽ᠨᠢᠭᠤᠴᠠ ᠳᠤ ᠬᠤᠯᠪᠣᠭᠳᠠᠬᠤ ᠰᠦᠯᠵᠢᠶᠡᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ︾ ︽ᠨᠢᠭᠤᠴᠠ ᠳᠤ ᠬᠤᠯᠪᠣᠭᠳᠠᠬᠤ ᠬᠥᠮᠥᠰ ᠤᠨ ᠲᠣᠭᠲᠠᠭᠠᠯ ᠠᠴᠠ ᠵᠥᠷᠢᠴᠡᠨ ᠨᠢᠭᠤᠴᠠ ᠶᠢ ᠵᠠᠳᠠᠷᠠᠭᠤᠯᠤᠭᠰᠠᠨ ᠢ ᠰᠢᠳᠬᠡᠬᠦ ᠲᠣᠭᠲᠠᠭᠠᠯ︾ ᠵᠡᠷᠭᠡ ᠲᠣᠭᠲᠠᠴᠠ ᠶᠢ ᠲᠣᠭᠲᠠᠭᠠᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠨᠠᠩ ᠵᠦᠢ ᠵᠣᠬᠢᠰᠲᠠᠢ᠂ ᠵᠢᠷᠤᠮᠵᠢᠭᠤᠨ᠂ ᠰᠢᠨᠵᠢᠯᠡᠬᠦ ᠤᠬᠠᠭᠠᠨᠴᠢᠯᠠᠬᠤ ᠶᠢ ᠲᠦᠯᠬᠢᠨ ᠠᠬᠢᠭᠤᠯᠪᠠ᠃ ᠣᠳᠣ ᠶᠢᠨ ᠪᠠᠶᠢᠭ᠎ᠠ ︽ᠪᠦᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠠᠬᠢᠯᠭ᠎ᠠ ᠪᠠᠲᠤ ᠣᠪᠣᠷ ᠰᠤᠷᠲᠠᠯ ᠢ ᠲᠣᠭᠤᠷᠢᠨ ᠪᠠᠶᠢᠴᠠᠭᠠᠬᠤ ᠳᠦᠷᠢᠮ︾ ︽ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠭᠡᠰᠢᠭᠦᠨ ᠤ ᠲᠤᠰᠢᠶᠠᠯ ᠤᠨ ᠮᠡᠳᠡᠭᠦᠯᠦᠯᠲᠡ ᠬᠢᠬᠦ ᠳᠦᠷᠢᠮ︾ ︽ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠬᠤᠷᠠᠯ ᠤᠨ ᠳᠦᠷᠢᠮ︾ ︽ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠲᠤᠰᠢᠶᠠᠯ ᠬᠠᠷᠢᠭᠤᠴᠠᠯᠭ᠎ᠠ ᠡᠭᠦᠷᠭᠡ᠂ ᠬᠠᠷᠢᠭᠤᠴᠠᠯᠭ᠎ᠠ ᠶᠢᠨ ᠬᠠᠷᠠᠯᠲᠠ ᠪᠠ ᠬᠢᠨᠠᠨ ᠰᠢᠯᠭᠠᠵᠤ ᠱᠠᠩᠨᠠᠵᠤ ᠲᠣᠷᠭᠠᠬᠤ ᠳᠦᠷᠢᠮ︾ ︽ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠵᠠᠳᠠᠯᠤᠨ ᠮᠡᠳᠡᠭᠦᠯᠬᠦ ᠳᠦᠷᠢᠮ︾ ᠵᠡᠷᠭᠡ 9 ᠵᠦᠢᠯ ᠤᠨ ᠳᠦᠷᠢᠮ ᠲᠣᠭᠲᠠᠴᠠ ᠶᠢᠨ ᠰᠠᠭᠤᠷᠢᠨ ᠳᠡᠭᠡᠷ᠎ᠡ᠂ ︽ᠲᠣᠭᠲᠠᠬᠤ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠤᠣᠰ ᠭᠠᠷᠠᠭ ᠤᠨ ᠲᠣᠭᠲᠠᠮᠠᠯ ᠬᠤᠷᠠᠯ ᠤᠨ ᠳᠦᠷᠢᠮ︾᠂ ︽ᠱᠦᠵᠢ ᠨᠠᠷ ᠤᠨ ᠠᠯᠪᠠᠨ ᠠᠵᠢᠯ ᠤᠨ ᠬᠤᠷᠠᠯ ᠤᠨ ᠳᠦᠷᠢᠮ︾ ᠵᠡᠷᠭᠡ ᠶᠢ ᠪᠠᠭᠲᠠᠭᠠᠭᠰᠠᠨ 13 ᠡᠳᠦᠷ ᠲᠤᠳᠤᠮ ᠤᠨ ᠠᠯᠪᠠᠨ ᠠᠵᠢᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠵᠢᠷᠤᠮᠵᠢᠭᠤᠯᠬᠤ ᠶᠢᠨ ᠬᠠᠮᠲᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠬᠠᠮᠢᠶᠠᠷᠤᠯᠲᠠ ᠶᠢᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠤ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠪᠠ᠃      ᠬᠤᠶᠢᠰᠢᠳᠠ ᠶᠢᠨ ᠠᠵᠢᠯ ᠤᠨ ᠳᠤᠮᠳᠠ᠂ ᠲᠣᠭᠲᠠᠬᠤ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠶᠡᠭᠡ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠮᠤᠷ ᠠᠮᠤᠭᠤᠯᠠᠩ ᠤᠨ ᠪᠠᠶᠢᠭᠤᠯᠤᠯᠲᠠ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠢ ᠤᠶᠠᠯᠳᠤᠭᠤᠯᠵᠤ᠂ ︽ᠶᠡᠭᠡ ᠪᠠᠷ ᠴᠡᠷᠢᠭ ᠤᠨ ᠪᠣᠯᠪᠠᠰᠤᠷᠠᠯ ᠬᠢᠬᠦ᠂ ᠶᠡᠭᠡ ᠪᠠᠷ ᠮᠥᠷᠥᠶᠢᠴᠡᠬᠦ᠂ ᠶᠡᠭᠡ ᠪᠠᠷ ᠪᠣᠯᠪᠠᠰᠤᠷᠠᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1