ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠰᠢᠭᠦᠯᠵᠦ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠳᠠ ᠶᠢ ᠴᠢᠩᠭᠠᠳᠬᠠᠶ᠎ᠠ
ᠨᠡᠶᠢᠲᠡᠯᠡᠭᠰᠡᠨ ᠴᠠᠭ᠄
2023/12/27
      ᠣᠶᠢᠷ᠎ᠠ ᠳᠤ᠂ ᠲᠣᠭᠲᠠᠬᠤ ᠰᠢᠶᠠᠨ ᠤ ᠠᠮᠤᠷ ᠲᠦᠪᠰᠢᠨ ᠤ ᠪᠠᠶᠢᠭᠤᠯᠤᠯᠲᠠ ︵ᠨᠡᠶᠢᠭᠡᠮ ᠤᠨ ᠵᠠᠰᠠᠯᠲᠠ︶ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠬᠠᠷᠢᠶᠠᠲᠤ ᠣᠷᠣᠨ ᠤ ᠡᠯ᠎ᠡ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠳᠤ ᠭᠦᠨᠵᠡᠭᠡᠶᠢᠷᠡᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠮᠠᠨ ᠤ ᠰᠢᠶᠠᠨ ᠤ ᠨᠠᠰᠤᠨ ᠳᠤ ᠥᠯᠥ ᠭᠦᠷᠦᠭᠰᠡᠳ ᠤᠨ ᠦᠰᠦᠨ ᠪᠣᠶᠢᠵᠢᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠮᠠᠨ ᠤ ᠰᠢᠶᠠᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃
     ᠮᠠᠨ ᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠠᠮᠤᠷ ᠲᠦᠪᠰᠢᠨ ᠤ ᠪᠠᠶᠢᠭᠤᠯᠤᠯᠲᠠ ᠶᠢᠨ ᠪᠦᠷᠢᠯᠳᠦᠭᠦᠨ ᠨᠢᠭᠡᠴᠡ ᠶᠢᠨ ᠬᠢᠨ ᠵᠠᠯᠠᠭᠤᠴᠤᠳ ᠪᠠᠭᠠᠴᠤᠳ ᠤᠨ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ ᠠᠵᠢᠯ ᠳᠤ ᠴᠢᠭᠯᠡᠭᠦᠯᠦᠨ ᠲᠤᠰᠬᠠᠢ ᠪᠠᠶᠢᠴᠠᠭᠠᠯᠲᠠ ᠬᠢᠵᠦ᠂ ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠢᠶᠠᠷ ᠭᠤᠣᠯᠳᠠᠯᠭ᠎ᠠ ᠪᠣᠯᠭᠠᠵᠤ᠂ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠳᠠᠷᠤᠮᠠᠯᠯᠠᠵᠤ ᠪᠠᠭᠤᠯᠭᠠᠬᠤ ᠳᠡᠯᠭᠡᠭᠦᠷ᠂ ᠰᠦᠯᠵᠢᠶᠡᠨ ᠤ ᠪᠠᠭᠠᠷ᠂ KTV ᠵᠡᠷᠭᠡ ᠡᠵᠡᠩᠨᠡᠯᠲᠡ ᠶᠢᠨ ᠲᠠᠯᠠᠪᠤᠷ ᠢ ᠭᠦᠨᠵᠡᠭᠡᠢ ᠪᠠᠶᠢᠴᠠᠭᠠᠨ᠂ ᠵᠢᠭᠠᠨ ᠰᠤᠷᠭᠠᠯᠲᠠ ᠶᠢᠨ ᠬᠠᠪᠰᠤᠷᠤᠮᠵᠢ ᠵᠢᠭᠠᠬᠤ ᠮᠠᠲ᠋ᠧᠷᠢᠶᠠᠯ᠂ ︽ᠬᠠᠷᠮᠠᠨ ᠳᠡᠪᠲᠡᠷ︾ ᠨᠣᠮ᠂ ᠺᠠᠷᠲ᠋ᠣᠨ  ᠵᠢᠷᠤᠭᠳᠤ ᠳᠡᠪᠲᠡᠷ᠂ ᠲᠣᠭᠯᠠᠭᠠᠮ ᠤᠨ ᠵᠥᠭᠡᠯᠡᠨ ᠲᠣᠨᠤᠭ᠂ ᠪᠢᠴᠢᠭ ᠤᠨ ᠬᠡᠷᠡᠭᠰᠡᠯ ᠤᠨ ᠲᠣᠭᠯᠠᠭᠠᠮ ᠵᠡᠷᠭᠡ ᠠᠭᠤᠯᠭ᠎ᠠ ᠶᠢ ᠲᠣᠪᠤᠶᠢᠯᠭᠠᠨ ᠪᠠᠶᠢᠴᠠᠭᠠᠪᠠ᠃ ᠭᠤᠣᠯᠳᠠᠭᠤ ᠴᠠᠭᠠᠵᠠᠯᠠᠯ ᠢ ᠵᠥᠷᠢᠴᠡᠭᠰᠡᠨ᠂ ᠰᠦᠷᠳᠡᠭᠦᠯᠦᠯ ᠢ ᠵᠥᠷᠢᠴᠡᠭᠰᠡᠨ᠂ ᠱᠠᠯᠢᠭ ᠵᠠᠪᠬᠠᠢ᠂ ᠬᠦᠴᠦᠷᠬᠡᠭᠯᠡᠯ᠂ ᠹᠧᠣᠳᠠᠯ ᠤᠨ ᠮᠤᠬᠤᠷ ᠪᠢᠰᠢᠷᠡᠯ ᠵᠡᠷᠭᠡ ᠡᠷᠡᠭᠦᠯ ᠪᠤᠰᠤ ᠰᠣᠶᠣᠯ ᠤᠨ ᠠᠭᠤᠯᠭ᠎ᠠ ᠲᠠᠢ ᠬᠠᠤᠯᠢ ᠪᠤᠰᠤ ᠨᠣᠮ ᠪᠢᠴᠢᠭ᠂ ᠰᠣᠨᠢᠨ ᠰᠡᠳᠬᠦᠯ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠪᠠ ᠬᠤᠯᠠᠭᠠᠶᠢᠯᠠᠨ ᠬᠡᠪᠯᠡᠭᠰᠡᠨ ᠨᠣᠮ ᠰᠡᠳᠬᠦᠯ ᠪᠠᠶᠢᠬᠤ ᠡᠰᠡᠬᠦ ᠶᠢ ᠪᠠᠶᠢᠴᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠤᠨ ᠠᠭᠤᠯᠭ᠎ᠠ ᠶᠢ ᠡᠷᠬᠡ ᠣᠯᠭᠤᠭᠰᠠᠨ ᠦᠭᠡᠢ ᠪᠠᠷ ᠦᠢᠯᠡᠳᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠪᠡᠯᠡᠳᠬᠡᠮᠵᠢ᠂ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ᠂ ᠨᠣᠴᠣᠮᠠᠲᠠᠭᠠᠢ ᠡᠳ᠋ ᠪᠣᠳᠠᠰ᠂ ᠠᠶᠦᠯᠭᠦᠢ ᠨᠡᠪᠲᠡᠷᠡᠬᠦ ᠵᠠᠮ ᠵᠡᠷᠭᠡ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠳᠠᠯ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠵᠡᠢ᠃ ᠡᠭᠦᠨ ᠤ ᠬᠠᠮᠲᠤ ᠡᠵᠡᠩᠨᠡᠯᠲᠡ ᠶᠢᠨ ᠥᠮᠴᠢᠲᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠥᠮᠴᠢᠲᠡᠨ ᠤ ᠬᠠᠤᠯᠢ ᠶᠢ ᠰᠠᠬᠢᠵᠤ ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ ᠤᠬᠠᠮᠰᠠᠷ ᠢ ᠲᠡᠭᠡᠭᠰᠢᠯᠡᠭᠦᠯᠪᠡ᠃ ᠲᠣᠰ ᠤᠳᠠᠭᠠᠨ ᠤ ᠲᠤᠰᠬᠠᠢ ᠠᠵᠢᠯᠯᠠᠭ᠎ᠠ ᠳᠤ 30 ᠭᠠᠷᠤᠢ ᠬᠡᠪᠯᠡᠭᠳᠡᠬᠦᠨ ᠤ ᠵᠠᠬ᠎ᠠ ᠳᠡᠯᠭᠡᠭᠦᠷ ᠢ ᠪᠠᠶᠢᠴᠠᠭᠠᠵᠤ᠂ ᠬᠠᠤᠯᠢ ᠪᠤᠰᠤ ᠬᠡᠪᠯᠡᠭᠳᠡᠬᠦᠨ ᠢ ᠪᠣᠷᠣᠯᠠᠭᠤᠯᠤᠭᠰᠠᠨ᠂ ᠬᠡᠪᠯᠡᠭᠰᠡᠨ ᠪᠠ ᠲᠠᠷᠬᠠᠭᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠷᠡᠭᠦᠯᠦᠭᠰᠡᠨ ᠦᠭᠡᠢ︔ ᠭᠠᠯ ᠰᠡᠷᠭᠡᠶᠢᠯᠡᠬᠦ ᠠᠮᠤᠷ ᠲᠦᠪᠰᠢᠨ ᠤ ᠬᠡᠮ ᠰᠣᠭᠤᠭ ᠢ 3 ᠪᠠᠶᠢᠴᠠᠭᠠᠨ ᠢᠯᠡᠷᠡᠭᠦᠯᠵᠦ᠂ ᠡᠵᠡᠩᠨᠡᠯᠲᠡ ᠶᠢᠨ ᠥᠮᠴᠢᠲᠡᠨ ᠨᠢᠭᠡᠨᠲᠡ ᠲᠤᠬᠠᠢ ᠶᠢᠨ ᠲᠠᠯᠠᠪᠤᠷ ᠲᠤ ᠴᠡᠭᠴᠡᠯᠡᠨ ᠵᠠᠰᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠵᠠᠯᠠᠭᠤᠴᠤᠳ ᠪᠠᠭᠠᠴᠤᠳ ᠤᠨ ᠬᠡᠪᠯᠡᠯ ᠤᠨ ᠡᠷᠬᠡ ᠶᠢ ᠬᠠᠮᠠᠭᠠᠯᠠᠬᠤ ᠪᠠ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ · ᠪᠠᠭᠠᠴᠤᠳ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠤᠶᠠᠯᠳᠤᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ ᠂ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠰᠢᠶᠠᠨ ᠤ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1