ᠲᠠᠪᠢᠨ ᠭᠡᠷ ᠪᠠᠯᠭᠠᠰᠤ ︽ᠳᠡᠷᠭᠡᠳᠡᠬᠢ ᠦᠯᠢᠭᠡᠷ ᠳᠠᠭᠤᠷᠢᠶᠠᠯ ᠠᠴᠠ ᠰᠤᠷᠤᠯᠴᠠᠬᠤ︾ ᠤᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/12/4
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠢ ᠠᠬᠢᠭᠤᠯᠵᠦ᠂ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠣᠶᠢᠷ᠎ᠠ ᠳᠤ᠂ ᠲᠠᠪᠢᠨ ᠭᠡᠷ ᠪᠠᠯᠭᠠᠰᠤ ︽ᠳᠡᠷᠭᠡᠳᠡᠬᠢ ᠦᠯᠢᠭᠡᠷ ᠳᠠᠭᠤᠷᠢᠶᠠᠯ ᠠᠴᠠ ᠰᠤᠷᠤᠯᠴᠠᠬᠤ︾ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠡᠢ᠂ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠥᠬᠦ ᠬᠤᠲᠠ ᠶᠢᠨ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠰᠢᠯᠢᠳᠡᠭ ᠬᠤᠪᠢ ᠬᠥᠮᠥᠨ᠂ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠸᠠᠩ ᠴᠠᠩ ᠵᠢᠶᠠᠩ ᠨᠥᠬᠦᠷ ᠢ ᠤᠷᠢᠵᠤ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠤᠶ᠎ᠠ︾ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ ᠬᠤᠪᠢ ᠬᠥᠮᠥᠨ ᠤ ᠲᠡᠷᠢᠭᠦᠨ ᠤ ᠦᠶᠯᠡ ᠠᠵᠢᠯᠯᠠᠭ᠎ᠠ ᠪᠠᠨ ᠬᠤᠪᠢᠶᠠᠯᠴᠠᠭᠰᠠᠨ ᠪᠠᠶᠢᠨ᠎ᠠ᠃
     ᠲᠤᠰ ᠤᠳᠠᠭᠠᠨ ᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠳᠤ᠂ ᠸᠠᠩ ᠴᠠᠩ ᠵᠢᠶᠠᠩ ᠨᠥᠬᠦᠷ ᠲᠤᠰ ᠪᠡᠶ᠎ᠡ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠬᠤᠪᠢᠶᠠᠯᠴᠠᠬᠤ᠂ ᠤᠭ ᠰᠠᠨᠠᠭ᠎ᠠ ᠪᠠᠨ ᠦᠢᠯᠡᠳᠦᠯᠭᠡᠵᠢᠭᠦᠯᠵᠦ ᠨᠠᠮ ᠤᠨ ᠭᠡᠰᠢᠭᠦᠨ ᠤ ᠳᠦᠷᠢ ᠲᠥᠷᠬᠦ ᠶᠢ ᠢᠯᠡᠷᠡᠭᠦᠯᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠰᠤᠷᠤᠯᠭ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ᠂ ᠨᠢᠭᠲᠠ ᠠᠴᠠ ᠨᠢᠭᠲᠠ ᠪᠠᠶᠢᠵᠤ ᠨᠠᠮ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠤᠨᠤᠯ ᠤᠨ ᠤᠬᠠᠭᠤᠯᠭ᠎ᠠ ᠲᠠᠶᠢᠯᠪᠤᠷᠢᠯᠠᠯᠲᠠ ᠶᠢ ᠰᠠᠶᠢᠲᠤᠷ ᠬᠢᠬᠦ᠂ ᠡᠷᠡᠭᠦᠯ ᠰᠠᠷᠠᠭᠤᠯ ᠳᠤᠷ᠎ᠠ ᠰᠣᠨᠢᠷᠬᠠᠯ ᠢᠶᠠᠷ ᠠᠵᠢᠯ ᠤᠨ ᠴᠢᠯᠦᠭᠡᠨ ᠤ ᠠᠮᠢᠳᠤᠷᠠᠯ ᠢᠶᠠᠨ ᠪᠠᠶᠠᠯᠢᠭᠵᠢᠭᠤᠯᠬᠤ ᠵᠡᠷᠭᠡ ᠤᠯᠠᠨ ᠲᠠᠯ᠎ᠠ ᠠᠴᠠ ᠬᠤᠪᠢ ᠬᠥᠮᠥᠨ ᠤ ᠠᠵᠢᠯ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠬᠡᠷᠬᠢᠨ ᠦᠢᠯᠡᠳᠦᠯᠭᠡᠵᠢᠭᠦᠯᠬᠦ ᠲᠤᠬᠠᠢ ᠬᠠᠷᠢᠭᠤᠯᠲᠠ ᠦᠭᠴᠡᠢ᠂ ᠠᠭᠤᠯᠭ᠎ᠠ ᠨᠢ ᠪᠠᠶᠠᠯᠢᠭ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠠᠮᠢᠳᠤᠯᠢᠭ ᠳᠦᠷᠰᠦᠯᠢᠭ ᠪᠠᠶᠢᠵᠤ᠂ ᠤᠨᠤᠯ ᠢ ᠪᠣᠳᠠᠲᠠᠢ ᠪᠠᠶᠢᠳᠠᠯ ᠲᠠᠢ ᠤᠶᠠᠯᠳᠤᠭᠤᠯᠵᠤ᠂ ᠲᠤᠰᠬᠠᠢ ᠮᠡᠷᠭᠡᠵᠢᠯ ᠤᠨ ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠪᠠᠶᠢᠵᠤ᠂ ᠪᠦᠬᠦ ᠪᠠᠯᠭᠠᠰᠤᠨ ᠤ ᠺᠠᠳ᠋ᠷᠴᠤᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠠᠪᠴᠢᠷᠠᠵᠤ᠂ ᠦᠨᠳᠦᠰᠦᠨ ᠱᠠᠲᠤᠨ ᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠨᠡᠯᠢᠶᠡᠳ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃
     ᠲᠤᠰ ᠤᠳᠠᠭ᠎ᠠ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠳᠤ᠂ ᠪᠠᠯᠭᠠᠰᠤ ᠲᠣᠰᠬᠤᠨ ᠤ ᠺᠠᠳ᠋ᠷᠴᠤᠳ᠂ ᠸᠠᠩ ᠴᠠᠩ ᠵᠢᠶᠠᠩ ᠨᠥᠬᠦᠷ ᠢᠶᠠᠷ ᠳᠠᠭᠤᠷᠢᠶᠠᠯ ᠪᠣᠯᠭᠠᠵᠤ᠂ ᠰᠢᠨ᠎ᠡ ᠴᠠᠭ ᠦᠶ᠎ᠡ ᠶᠢᠨ ᠡᠷᠡᠯᠬᠡᠭᠯᠡᠨ ᠤᠷᠤᠭᠰᠢᠯᠠᠭᠴᠢ᠂ ᠪᠣᠳᠠᠲᠠᠢ ᠠᠵᠢᠯᠯᠠᠭᠴᠢ ᠪᠣᠯᠬᠤ ᠪᠠᠷ ᠴᠢᠷᠮᠠᠶᠢᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠡᠷᠡᠯᠬᠡᠭᠯᠡᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ ᠭᠡᠵᠦ ᠢᠯᠡᠳᠬᠡᠵᠡᠭᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1