ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠣᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠶᠢᠨ ᠠᠵᠢᠯᠯᠠᠭ᠎ᠠ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2023/12/4
      ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠰᠤᠷᠤᠭᠴᠢᠳ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠰᠤᠷᠤᠭᠴᠢᠳ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠴᠢᠳᠠᠪᠤᠷᠢ ᠶᠢ ᠲᠡᠭᠡᠭᠰᠢᠯᠡᠭᠦᠯᠬᠦ ᠶᠢᠨ ᠲᠦᠯᠦᠭᠡ᠂ 11 ᠳ᠋ᠤᠭᠡᠷ ᠰᠠᠷ᠎ᠠ ᠶᠢᠨ 30 ᠤ ᠡᠳᠦᠷ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠣᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠲᠣᠰ ᠤᠳᠠᠭᠠᠨ ᠤ ᠠᠵᠢᠯᠯᠠᠭ᠎ᠠ ᠶᠢ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠭᠡᠵᠦ ᠬᠤᠶᠠᠷ ᠬᠡᠰᠡᠭ ᠬᠤᠪᠢᠶᠠᠵᠠᠢ᠃ ᠳᠣᠬᠢᠶᠠᠴᠢᠨ ᠤ ᠭᠠᠵᠠᠷ ᠬᠥᠳᠡᠯᠦᠯᠲᠡ ᠶᠢᠨ ᠰᠡᠷᠡᠮᠵᠢ ᠶᠢᠨ ᠳᠣᠬᠢᠶ᠎ᠠ ᠶᠢ ᠳᠤᠤᠭᠠᠷᠭᠠᠬᠤ ᠶᠢ ᠳᠠᠭᠠᠯᠳᠤᠨ᠂ ᠰᠣᠷᠢᠯᠲᠠ ᠵᠢᠩᠬᠢᠨᠢ ᠪᠠᠷ ᠡᠬᠢᠯᠡᠪᠡ᠃ ᠬᠢᠴᠢᠶᠡᠯ ᠣᠷᠣᠵᠤ ᠪᠠᠶᠢᠭ᠎ᠠ ᠰᠤᠷᠤᠭᠴᠢᠳ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠦᠳᠲᠡᠷ ᠲᠦᠷᠭᠡᠨ ᠰᠠᠶᠢᠲᠤᠷ ᠬᠢᠵᠦ᠂ ᠪᠠᠭᠰᠢ ᠶᠢᠨ ᠢᠶᠠᠨ ᠳᠠᠭᠠᠭᠤᠯᠭ᠎ᠠ ᠪᠠᠷ ᠲᠡᠷᠡ ᠳᠠᠷᠤᠢ ᠳᠤᠨᠢ ᠬᠢᠴᠢᠶᠡᠯ ᠤᠨ ᠭᠡᠷ ᠠᠴᠠ ᠡᠮᠬᠢ ᠵᠢᠷᠤᠮ ᠲᠠᠢ ᠪᠠᠷ ᠤᠬᠤᠷᠢᠨ ᠭᠠᠷᠴᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠬᠦᠷᠴᠦ ᠠᠶᠤᠯ  ᠠᠴᠠ ᠪᠠᠴᠢᠮ ᠵᠠᠶᠢᠯᠠᠭᠰᠠᠨ ᠳᠤ ᠪᠠᠭᠰᠢ ᠰᠤᠷᠤᠭᠴᠢᠳ ᠮᠠᠰᠢ ᠲᠦᠷᠭᠡᠨ ᠲᠤᠰᠬᠠᠯ ᠭᠠᠷᠭᠠᠵᠤ᠂ ᠥᠨᠳᠥᠷ ᠪᠦᠲᠦᠮᠵᠢᠲᠡᠶ ᠪᠠᠷ ᠬᠠᠮᠵᠢᠯᠴᠠᠨ᠂ ᠡᠮᠬᠢ ᠵᠢᠷᠤᠮ ᠲᠠᠢ ᠪᠠᠷ ᠤᠬᠤᠷᠢᠨ ᠭᠠᠷᠴᠤ᠂ ᠰᠣᠷᠢᠯᠲᠠ ᠶᠢᠨ ᠰᠠᠶᠢᠨ ᠦᠷ᠎ᠡ ᠳ᠋ᠦᠩ ᠳᠤ ᠬᠦᠷᠦᠭᠰᠡᠨ ᠪᠠᠶᠢᠨ᠎ᠠ᠃ ᠡᠭᠦᠨ ᠤ ᠳᠠᠷᠠᠭ᠎ᠠ᠂ ᠰᠢᠶᠠᠨ ᠤ ᠭᠠᠵᠠᠷ ᠬᠥᠳᠡᠯᠦᠯᠲᠡ ᠶᠢᠨ ᠲᠣᠪᠴᠢᠶᠠᠨ ᠤ ᠠᠵᠢᠯᠲᠠᠳ ᠭᠠᠵᠠᠷ ᠬᠥᠳᠡᠯᠦᠯᠲᠡ ᠶᠢᠨ ᠦᠨᠳᠦᠰᠦᠨ ᠮᠡᠳᠡᠯᠭᠡ᠂ ᠭᠠᠵᠠᠷ ᠬᠥᠳᠡᠯᠦᠯᠲᠡ ᠶᠢᠨ ᠠᠶᠤᠯ   ᠠᠴᠠ ᠵᠠᠶᠢᠯᠠᠬᠤ ᠭᠤᠣᠯᠳᠠᠯᠭ᠎ᠠ᠂ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠲᠤᠰᠠᠭᠠᠷᠯᠠᠵᠤ ᠭᠠᠵᠠᠷ ᠬᠥᠳᠡᠯᠦᠯᠲᠡ ᠶᠢ ᠪᠠᠭᠠᠰᠬᠠᠬᠤ ᠮᠡᠷᠭᠡᠵᠢᠯ ᠵᠡᠷᠭᠡ ᠲᠠᠯ᠎ᠠ ᠶᠢᠨ ᠲᠣᠭᠤᠷᠢᠨ ᠳᠤ ᠭᠠᠵᠠᠷ ᠬᠥᠳᠡᠯᠦᠯᠲᠡ ᠶᠢᠨ ᠭᠠᠮᠰᠢᠭ ᠡᠭᠦᠰᠬᠦ ᠦᠶ᠎ᠡ ᠶᠢᠨ ᠪᠠᠶᠢᠳᠠᠯ ᠢ ᠲᠠᠶᠢᠯᠪᠤᠷᠢᠯᠠᠨ ᠶᠠᠷᠢᠵᠤ᠂ ᠭᠠᠵᠠᠷ ᠬᠥᠳᠡᠯᠦᠯᠲᠡ ᠶᠢᠨ ᠬᠦᠨᠳᠦ ᠨᠣᠴᠢᠲᠠᠢ ᠬᠤᠣᠷ ᠬᠥᠨᠥᠭᠡᠯ ᠤᠨ ᠲᠤᠬᠠᠢ ᠣᠯᠠᠨ ᠳᠤ ᠰᠢᠭᠤᠳ ᠰᠡᠳᠬᠢᠭᠳᠡᠯ ᠣᠯᠭᠤᠵᠤ᠂ ᠪᠠᠭᠰᠢ ᠰᠤᠷᠤᠭᠴᠢᠳ ᠲᠤ ᠠᠮᠢᠳᠤᠯᠢᠭ ︽ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ   ᠢ ᠪᠠᠭᠠᠰᠬᠠᠬᠤ ᠮᠡᠳᠡᠯᠭᠡ︾ ᠶᠢᠨ ᠬᠢᠴᠢᠶᠡᠯ ᠣᠷᠣᠭᠰᠠᠨ ᠪᠠᠶᠢᠨ᠎ᠠ᠃      ︽ᠲᠤᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠨᠢ ᠮᠠᠨ ᠤ ᠰᠤᠷᠤᠭᠴᠢᠳ ᠤᠨ ᠠᠮᠤᠷ ᠲᠦᠪᠰᠢᠨ ᠤ ᠲᠤᠬᠠᠢ ᠮᠡᠳᠡᠯᠭᠡ ᠶᠢ ᠶᠡᠭᠡ ᠪᠠᠷ ᠨᠡᠮᠡᠭᠳᠡᠭᠦᠯᠦᠭᠰᠡᠨ ᠤ ᠬᠠᠮᠲᠤ ᠪᠠᠰᠠ ᠰᠤᠷᠤᠭᠴᠢᠳ ᠤᠨ ᠠᠮᠢ ᠵᠢᠭᠤᠲᠠᠬᠤ᠂ ᠥᠪᠡᠷ   ᠢ ᠪᠠᠨ ᠠᠪᠤᠷᠠᠬᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠤᠷᠤᠭᠴᠢᠳ ᠤᠨ ᠪᠠᠴᠢᠮ ᠭᠡᠨᠡᠳᠲᠡ ᠶᠢᠨ ᠬᠡᠷᠡᠭ ᠢ ᠡᠰᠡᠷᠭᠦᠴᠡᠬᠦ ᠪᠠ ᠠᠷᠭᠠᠴᠠᠬᠤ ᠴᠢᠳᠠᠪᠤᠷᠢ ᠶᠢ ᠪᠣᠯᠪᠠᠰᠤᠷᠠᠭᠤᠯᠵᠠᠢ︾ ᠭᠡᠵᠦ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠹᠠᠨ ᠬᠤᠢ ᠬᠡᠯᠡᠪᠡ᠃      ︽ᠥᠨᠥᠳᠥᠷ ᠤᠨ ᠦᠳᠡ ᠶᠢᠨ ᠬᠤᠶᠢᠨ᠎ᠠ ᠪᠢ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠣᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠳᠤ ᠣᠷᠣᠯᠴᠠᠭᠠᠳ ᠨᠠᠳᠠ ᠳᠤ ᠮᠠᠰᠢ ᠤᠯᠠᠨ ᠲᠥᠷᠥᠭᠳᠡᠯ ᠥᠭᠴᠡᠢ᠃ ᠭᠠᠵᠠᠷ ᠬᠥᠳᠡᠯᠦᠯᠲᠡ ᠪᠣᠯ ᠳᠡᠯᠡᠬᠡᠢ ᠳᠡᠭᠡᠷ᠎ᠡ ᠠᠵᠤ ᠠᠬᠤᠢ ᠶᠢᠨ ᠬᠤᠬᠢᠷᠠᠯ ᠢᠶᠠᠷ ᠬᠠᠮᠤᠭ ᠤᠨ ᠶᠡᠭᠡ᠂ ᠬᠥᠮᠥᠨ ᠤ ᠦᠬᠦᠯ ᠰᠢᠷᠬᠠᠲᠤᠯ ᠢᠶᠠᠷ ᠬᠠᠮᠤᠭ ᠤᠨ ᠠᠷᠪᠢᠨ ᠭᠠᠮᠰᠢᠭ ᠤᠨ ᠨᠢᠭᠡ ᠪᠣᠯᠣᠨ᠎ᠠ᠂ ᠬᠡᠳᠦᠶᠢᠪᠡᠷ ᠵᠥᠪᠬᠡᠨ ᠨᠢᠭᠡ ᠤᠳᠠᠭᠠᠨ ᠤ ᠰᠣᠷᠢᠯᠲᠠ ᠲᠡᠳᠦᠢ ᠪᠣᠯᠪᠠᠴᠤ ᠪᠢ ᠠᠮᠢ ᠵᠢᠭᠤᠲᠠᠬᠤ ᠤᠷ᠎ᠠ ᠮᠡᠷᠭᠡᠵᠢᠯ ᠪᠠ ᠠᠶᠤᠯ ᠠᠴᠠ ᠵᠠᠶᠢᠯᠠᠬᠤ ᠠᠷᠭ᠎ᠠ ᠶᠢ ᠣᠯᠵᠤ ᠰᠤᠷᠴᠠᠢ᠃ ᠪᠢᠳᠡ ᠬᠠᠮᠲᠤ ᠪᠠᠷ ᠬᠥᠳᠡᠯᠦᠯᠴᠡᠨ ᠰᠣᠷᠣᠭᠰᠠᠨ ᠮᠡᠳᠡᠯᠭᠡ ᠪᠠᠨ ᠰᠠᠶᠢᠲᠤᠷ ᠬᠡᠷᠡᠭᠯᠡᠵᠦ ᠂ ᠥᠪᠡᠷ ᠤᠨ ᠠᠮᠢ ᠨᠠᠰᠤᠨ ᠤ ᠠᠮᠤᠷ ᠲᠦᠪᠰᠢᠨ ᠢᠶᠠᠨ ᠰᠠᠶᠢᠲᠤᠷ ᠬᠠᠮᠠᠭᠠᠯᠠᠶ᠎ᠠ︾ ᠭᠡᠵᠦ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠱᠢ ᠵᠢᠶᠠ ᠰᠢᠤᠸᠠᠨ ᠬᠡᠯᠡᠵᠡᠢ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠠᠵᠠᠷ ᠬᠥᠳᠡᠯᠦᠯᠲᠡ ᠶᠢᠨ ᠳᠤᠮᠳᠠᠬᠢ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠵᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠲᠤ ᠠᠶᠤᠯ ᠲᠦᠭᠰᠢᠭᠦᠷᠢ ᠶᠢᠨ ᠳᠤᠮᠳᠠ ᠦᠳᠲᠡᠷ ᠲᠦᠷᠭᠡᠨ ᠠᠮᠢ ᠵᠢᠭᠤᠲᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠦᠨᠳᠦᠰᠦᠨ ᠠᠷᠭ᠎ᠠ ᠶᠢ ᠦᠨᠡᠨ ᠬᠦ ᠡᠵᠡᠮᠰᠢᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠲᠣᠭᠲᠠᠬᠤ ᠰᠢᠶᠠᠨ ᠠᠮᠤᠷ ᠲᠦᠪᠰᠢᠨ ᠤ ᠬᠥᠮᠦᠵᠢᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠲᠤᠷᠰᠢᠯᠭ᠎ᠠ ᠪᠠᠨ ᠲᠠᠰᠤᠷᠠᠯᠳᠡ ᠦᠭᠡᠢ ᠳ᠋ᠦᠩᠨᠡᠵᠦ᠂ ᠠᠮᠤᠷ ᠲᠦᠪᠰᠢᠨ ᠤ ᠬᠥᠮᠦᠵᠢᠯ ᠤᠨ ᠠᠵᠢᠯ ᠤᠨ ᠥᠷᠨᠢᠯᠲᠡ ᠶᠢ ᠦᠷᠭᠦᠯᠵᠢᠯᠡᠨ ᠠᠬᠢᠭᠤᠯᠵᠤ᠂ ᠰᠤᠷᠤᠭᠴᠢᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1