ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠲᠠᠢ ᠬᠠᠮᠲᠤ ᠪᠠᠷ ︽ᠵᠢᠭᠠᠨ ᠰᠤᠷᠭᠠᠯᠲᠠ ᠶᠢᠨ ᠳᠠᠳᠤᠯᠭ᠎ᠠ ᠪᠠ ᠪᠣᠳᠠᠲᠤ ᠶᠠᠪᠤᠳᠠᠯ ᠤᠨ ᠰᠤᠳᠤᠯᠭᠠᠨ ᠤ ᠰᠠᠭᠤᠷᠢᠨ ᠭᠠᠵᠠᠷ︾ ᠢ ᠪᠠᠶᠢᠭᠤᠯᠪᠠ
ᠨᠡᠶᠢᠲᠡᠯᠡᠭᠰᠡᠨ ᠴᠠᠭ᠄
2023/2/16
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠪᠦᠬᠦ ᠣᠷᠣᠨ᠂ ᠪᠦᠬᠦ ᠬᠤᠲᠠ ᠶᠢᠨ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠳᠡᠮᠵᠢᠯᠭᠡ ᠳᠣᠣᠷ᠎ᠠ᠂ 2 ᠳ᠋ᠤᠭᠠᠷ ᠰᠠᠷ᠎ᠠ ᠶᠢᠨ 14 ᠤ ᠡᠳᠦᠷ᠂ ᠲᠣᠭᠲᠠᠬᠤ ᠰᠢᠶᠠᠨ ᠤ ᠪᠠᠶᠢᠴᠠᠭᠠᠬᠤ ᠬᠤᠷᠢᠶ᠎ᠠ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠲᠠᠢ ᠬᠠᠮᠲᠤᠷᠠᠨ ︽ᠵᠢᠭᠠᠨ ᠰᠤᠷᠭᠠᠯᠲᠠ ᠶᠢᠨ ᠳᠠᠳᠤᠯᠭ᠎ᠠ ᠪᠠ ᠪᠣᠳᠠᠲᠤ ᠶᠠᠪᠤᠳᠠᠯ ᠤᠨ ᠰᠤᠳᠤᠯᠭᠠᠨ ᠤ ᠰᠠᠭᠤᠷᠢᠨ ᠭᠠᠵᠠᠷ︾ ᠢ ᠬᠠᠮᠲᠤ ᠪᠠᠷ ᠪᠠᠶᠢᠭᠤᠯᠤᠭᠰᠠᠨ ᠪᠥᠭᠡᠳ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠰᠦ᠋ ᠯᠧᠢ᠂ ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠡᠷᠬᠢᠯᠡᠭᠴᠢ ᠵᠦ ᠶᠦᠨ ᠤᠷᠢᠯᠭ᠎ᠠ ᠪᠠᠷ ᠬᠤᠷᠠᠯ ᠳᠤ ᠤᠷᠤᠯᠴᠠᠵᠦ᠂ ᠲᠣᠭᠲᠠᠬᠤ ᠰᠢᠶᠠᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠴᠢᠶᠣᠤ ᠸᠠᠨ ᠯᠢᠩ ᠬᠤᠷᠠᠯ ᠳᠤ ᠤᠷᠤᠯᠴᠠᠵᠠᠢ᠃      ᠰᠠᠭᠤᠷᠢᠨ ᠭᠠᠵᠠᠷ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠦᠨᠳᠦᠰᠦᠨ ᠱᠠᠲᠤᠨ ᠤ ᠪᠠᠶᠢᠴᠠᠭᠠᠬᠤ ᠡᠩᠨᠡᠭᠡᠨ ᠤ ᠲᠥᠷᠥᠯᠬᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠪᠠᠶᠢᠴᠠᠭᠠᠬᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠪᠦᠬᠦ ᠰᠤᠷᠭᠠᠭᠤᠯᠢ ᠶᠢᠨ ᠵᠠᠯᠠᠭᠤ ᠺᠠᠳ᠋ᠷ ᠴᠠᠭᠳᠠᠭ᠎ᠠ ᠪᠠᠷ ᠪᠦᠷᠢᠯᠳᠦᠭᠦᠨ ᠪᠣᠯᠭᠠᠭᠰᠠᠨ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠢ ᠪᠠᠶᠢᠭᠤᠯᠵᠤ᠂ ︽ᠭᠤᠷᠪᠠᠨ ᠪᠦᠷᠢᠨ ᠬᠡᠯᠪᠡᠷᠢ︾ ᠶᠢᠨ ᠪᠣᠯᠪᠠᠰᠤᠷᠠᠭᠤᠯᠤᠯ ᠪᠠ ︽ᠭᠤᠷᠪᠠᠨ ᠵᠢᠩᠬᠢᠨᠢ ᠬᠡᠯᠪᠡᠷᠢ︾ ᠶᠢᠨ ᠪᠣᠳᠠᠲᠠᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠵᠢᠯ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠤᠯᠠᠨ ᠲᠠᠯᠠᠲᠤ ᠵᠢᠭᠠᠨ ᠰᠤᠷᠭᠠᠯᠲᠠ ᠶᠢᠨ ᠳᠠᠳᠤᠯᠭ᠎ᠠ᠂ ᠤᠯᠠᠨ ᠲᠡᠰ ᠳᠠᠪᠬᠤᠷᠭ᠎ᠠ ᠶᠢᠨ ᠬᠥᠮᠦᠵᠢᠯ ᠪᠣᠯᠪᠠᠰᠤᠷᠠᠭᠤᠯᠤᠯ᠂ ᠤᠯᠠᠨ ᠠᠷᠭ᠎ᠠ ᠵᠠᠮ ᠤᠨ ᠪᠣᠳᠠᠲᠤ ᠶᠠᠪᠤᠳᠠᠯ ᠤᠨ ᠰᠤᠳᠤᠯᠭᠠᠨ ᠤ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠵᠠᠢ᠃      ᠵᠠᠯᠠᠭᠤᠴᠤᠳ ᠤᠨ ᠣᠨᠣᠯ ᠰᠤᠷᠤᠯᠴᠠᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠰᠤᠷᠤᠯᠴᠠᠵᠤ ᠰᠤᠳᠤᠯᠤᠨ ᠶᠠᠷᠢᠯᠴᠠᠬᠤ ᠶᠠᠪᠤᠴᠠ ᠳᠤ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠰᠦ᠋ ᠯᠧᠢ ᠶᠢ ᠤᠷᠢᠵᠤ ᠪᠦᠬᠦ ᠰᠤᠷᠭᠠᠭᠤᠯᠢ ᠶᠢᠨ ᠵᠠᠯᠠᠭᠤ ᠺᠠᠳ᠋ᠷ ᠴᠠᠭᠳᠠᠭ᠎ᠠ ᠨᠠᠷ ᠲᠤ ᠬᠤᠪᠢᠰᠬᠠᠯ ᠤᠨ ᠰᠣᠩᠭᠤᠳᠠᠭ ᠪᠦᠲᠦᠭᠡᠯ ︽ᠡᠪ ᠬᠠᠮᠲᠤ ᠨᠠᠮ ᠤᠨ ᠲᠤᠩᠬᠠᠭ︾ ᠢ ᠲᠠᠶᠢᠯᠪᠤᠷᠢᠯᠠᠬᠤ ᠶᠢᠨ ᠬᠠᠮᠲᠤ ︽︿ᠡᠪ ᠬᠠᠮᠲᠤ ᠨᠠᠮ ᠤᠨ ᠲᠤᠩᠬᠠᠭ﹀ ᠤᠨ ᠵᠣᠷᠢᠭ ᠰᠠᠨᠠᠭ᠎ᠠ ᠶᠢ ᠬᠡᠷᠬᠢᠨ ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭ᠎ᠠ ᠥᠷᠨᠢᠭᠦᠯᠵᠦ᠂ ᠺᠠᠳ᠋ᠷ ᠴᠠᠭᠳᠠᠭ᠎ᠠ ᠶᠢᠨ ᠲᠥᠯᠥᠭᠡᠯᠡᠭᠴᠢ ᠲᠤᠰ ᠰᠤᠷᠭᠠᠭᠤᠯᠢ ᠶᠢᠨ ᠮᠠᠷᠺᠰ ᠤᠨ ᠦᠵᠡᠯ ᠤᠨ ᠨᠣᠮ ᠤᠨ ᠥᠷᠥᠭᠡᠨ ᠳᠤ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠰᠤᠷᠤᠯᠴᠠᠬᠤ ᠠᠭᠤᠷ ᠠᠮᠢᠰᠬᠤᠯ ᠢᠶᠠᠷ ᠭᠦᠨ ᠵᠤᠵᠠᠭᠠᠨ ᠪᠠᠶᠢᠯ᠎ᠠ᠃      ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠵᠢᠭᠠᠨ ᠰᠤᠷᠭᠠᠬᠤ ᠳᠠᠳᠤᠯᠭ᠎ᠠ ᠪᠠ ᠪᠣᠳᠠᠲᠤ ᠶᠠᠪᠤᠳᠠᠯ ᠤᠨ ᠰᠤᠳᠤᠯᠭᠠᠨ ᠤ ᠰᠠᠭᠤᠷᠢᠨ ᠭᠠᠵᠠᠷ︾ ᠢ ᠵᠠᠯᠠᠭᠤ ᠺᠠᠳ᠋ᠷ ᠴᠠᠭᠳᠠᠭ᠎ᠠ ᠨᠠᠷ ᠢ ᠬᠥᠮᠥᠵᠢᠭᠦᠯᠦᠨ ᠪᠣᠯᠪᠠᠰᠤᠷᠠᠭᠤᠯᠬᠤ ᠴᠢᠬᠤᠯᠠ ᠲᠠᠪᠴᠠᠩ ᠪᠣᠯᠭᠠᠵᠤ᠂ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠶᠢᠨ ᠴᠢᠳᠠᠪᠤᠷᠢ ᠬᠡᠪ ᠴᠢᠨᠠᠷ ᠪᠠ ᠬᠡᠷᠡᠭ ᠰᠢᠢᠳᠪᠦᠷᠢᠯᠡᠬᠦ ᠶᠠᠰᠤ ᠴᠢᠨᠠᠷ ᠤᠨ ︽ᠬᠤᠣᠰ ᠳᠡᠭᠡᠭᠰᠢᠯᠡᠯᠲᠡ︾ ᠶᠢ ᠠᠬᠢᠭᠤᠯᠵᠤ᠂ ᠪᠦᠬᠦ ᠬᠤᠷᠢᠶ᠎ᠠ ᠶᠢ ᠲᠠᠶᠢᠴᠢᠯᠠᠨ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ‌ᠢ ᠪᠤᠢ ᠪᠣᠯᠭᠠᠵᠤ᠂ ᠪᠠᠶᠢᠴᠠᠭᠠᠬᠤ ᠡᠩᠨᠡᠭᠡᠨ ᠤ ᠬᠡᠪ ᠴᠢᠨᠠᠷ ᠴᠢᠳᠠᠪᠤᠷᠢ ᠬᠢᠭᠡᠳ ᠨᠠᠮ ᠪᠠ ᠠᠷᠠᠳ ᠲᠦᠮᠡᠨ ᠤ ᠨᠡᠩ ᠥᠨᠳᠥᠷ ᠰᠢᠨ᠎ᠡ ᠱᠠᠭᠠᠷᠳᠠᠯᠭ᠎ᠠ ᠶᠢᠨ ᠳᠠᠭᠠᠵᠤ ᠠᠮᠵᠢᠬᠤ ᠦᠭᠡᠢ᠂ ᠵᠣᠬᠢᠴᠠᠬᠤ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠴᠢᠨᠠᠷ ᠪᠦᠬᠦᠢ ᠪᠠᠶᠢᠴᠠᠭᠠᠬᠤ ᠡᠩᠨᠡᠭᠡ ᠶᠢ ᠳᠠᠪᠲᠠᠨ ᠪᠤᠯᠪᠠᠰᠤᠷᠠᠭᠤᠯᠬᠤ ᠪᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1