2 ᠳ᠋ᠤᠭᠠᠷ ᠰᠠᠷ᠎ᠠ ᠶᠢᠨ 16 ᠤ ᠦᠳᠡ ᠶᠢᠨ ᠡᠮᠦᠨ᠎ᠡ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ | ᠲᠠᠷᠤᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠤᠬᠠᠭᠤᠯᠬᠤ | ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢᠶᠠᠨ | ᠳ᠋ᠦᠩᠨᠡᠵᠦ᠂ ᠪᠠᠶᠢᠳᠠᠯ ᠢ ᠵᠠᠳᠠᠯᠵᠤ᠂ ᠡᠨᠡ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ | ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠹᠷᠣᠨᠲ ᠤᠨ ᠬᠢᠨ ︽ᠬᠤᠶᠠᠷ ᠢ ᠲᠤᠭᠳᠠᠭᠠᠭᠰᠠᠨ︾ ᠶᠢ ᠡᠷᠡᠰ ᠬᠦᠷᠢᠶᠡᠯᠡᠵᠦ᠂ ︽ᠬᠤᠶᠠᠷ ᠢ | ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠤᠨ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠭᠤᠣᠯ ᠠᠵᠢᠯ ᠳᠤ ᠠᠩᠬᠠᠷᠤᠯ | ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠹᠷᠣᠨᠲ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ︽ᠰᠦᠭ ᠰᠦᠨᠡᠰᠦ ᠶᠢ ᠱᠤᠭᠤᠬᠤ︾ ᠠᠵᠢᠯᠯᠠᠭ᠎ᠠ᠂ | ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ︽ᠬᠦᠴᠦᠷᠬᠡᠭ ᠳᠠᠭᠤᠨ︾ ᠠᠵᠢᠯᠯᠠᠭ᠎ᠠ᠂ ᠬᠤᠳᠠ ᠶᠢᠨ ᠰᠣᠶᠣᠯ ᠤᠨ | ᠴᠢᠳᠠᠪᠤᠷᠢ ᠶᠢᠨ ᠳᠡᠰ ︽ᠳᠡᠭᠡᠭᠰᠢᠯᠡᠭᠦᠯᠬᠦ︾ ᠠᠵᠢᠯᠯᠠᠭ᠎ᠠ᠂ ᠬᠤᠳᠠ ᠶᠢᠨ ᠠᠷᠠᠳ ᠤᠨ ᠪᠣᠯᠪᠠᠰᠤᠨ ᠤ ᠬᠡᠪ | ᠪᠣᠯᠪᠠᠰᠤᠷᠠᠯ ᠢ ︽ᠰᠠᠭᠤᠷᠢ ᠶᠢ ᠪᠠᠲᠤᠳᠬᠠᠬᠤ︾ ᠠᠵᠢᠯᠯᠠᠭ᠎ᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ︽ | ᠪᠣᠭᠤᠮᠲᠠ ᠰᠢᠪᠲᠤᠯᠬᠤ︾ ᠠᠵᠢᠯᠯᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ︽ᠰᠠᠭᠤᠷᠢ ᠶᠢ | ᠪᠠᠲᠤᠳᠬᠠᠬᠤ︾ ᠠᠵᠢᠯᠯᠠᠭ᠎ᠠ᠂ ᠺᠠᠳ᠋ᠷᠤᠨ ᠡᠩᠨᠡᠭᠡ ᠶᠢᠨ ︽ᠴᠢᠳᠠᠪᠤᠷᠢ ᠣᠯᠭᠤᠬᠤ︾ ᠠᠵᠢᠯᠯᠠᠭ᠎ᠠ ᠶᠢ | ᠬᠡᠷᠡᠭᠵᠢᠭᠦᠯᠦᠨ᠎ᠡ ᠭᠡᠪᠡ᠃ | ᠬᠤᠷᠠᠯ ᠠᠴᠠ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠳᠤᠲᠠᠭᠤᠳᠠᠯ ᠢ ᠨᠥᠬᠦᠪᠦᠷᠢᠯᠡᠵᠦ᠂ | ᠲᠦᠷᠦᠯ ᠵᠦᠢᠯ ᠢ ᠬᠦᠴᠦᠷᠬᠡᠭᠵᠢᠭᠦᠯᠵᠦ᠂ ᠰᠠᠭᠤᠷᠢ ᠶᠢ ᠪᠠᠬᠢᠵᠢᠭᠦᠯᠵᠦ᠂ ᠣᠷᠣᠨ ᠤ ᠲᠥᠪ ᠢ ᠬᠦᠴᠦᠷᠬᠡᠭᠵᠢᠭᠦᠯᠬᠦ | ᠢᠨᠵᠧᠨᠧᠷᠢᠩ ᠢ ᠠᠬᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ | ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ | ᠬᠦᠴᠦᠨ ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠦᠳᠡ ᠶᠢᠨ ᠬᠤᠶᠢᠨ᠎ᠠ᠂ ᠪᠠᠰᠠ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠪᠣᠯᠣᠨ ᠬᠠᠮ | ᠵᠠᠭᠤᠴᠢᠯᠠᠭᠤᠷ ᠤᠨ ᠲᠥᠪ ᠤᠨ ᠡᠷᠬᠢᠯᠡᠭᠴᠢ ᠶᠢ ᠪᠣᠯᠪᠠᠰᠤᠷᠠᠭᠤᠯᠬᠤ ᠬᠤᠷᠠᠯ ᠢ ᠬᠤᠷᠠᠯᠳᠤᠭᠤᠯᠪᠠ᠃ | | |