ᠴᠠᠭᠠᠨ ᠰᠠᠷ᠎ᠠ ᠠᠴᠠ ᠡᠮᠦᠨᠡᠬᠡᠨ ᠲᠣᠭᠲᠠᠬᠤ ᠰᠢᠶᠠᠨ ᠤ ᠰᠧ ᠠᠪᠤᠭᠠᠢ ᠨᠢᠭᠡᠨ ᠪᠤᠬᠢᠨᠢᠳᠤᠯ ᠲᠠᠢ ᠶᠠᠪᠤᠳᠠᠯ | ᠲᠣᠬᠢᠶᠠᠯᠳᠤᠵᠤ᠂ ᠬᠤᠪᠴᠠᠰᠤᠨ ᠤ ᠳᠡᠯᠭᠡᠭᠦᠷ ᠠᠴᠠ ᠬᠤᠳᠠᠯᠳᠤᠨ ᠠᠪᠤᠭᠰᠠᠨ ᠬᠤᠪᠴᠠᠰᠤ ᠶᠢᠨ ᠶᠠᠰᠤ ᠴᠢᠨᠠᠷ ᠤᠨ | ᠠᠰᠠᠭᠤᠳᠠᠯ ᠣᠷᠣᠰᠢᠵᠤ ᠪᠠᠶᠢᠬᠤ ᠶᠢ ᠮᠡᠳᠡᠭᠡᠳ᠂ ᠬᠤᠳᠠᠯᠳᠤᠭᠴᠢ ᠶᠢ ᠡᠷᠢᠵᠦ ᠣᠴᠢᠭᠠᠳ ᠪᠤᠴᠠᠭᠠᠵᠤ ᠠᠪᠬᠤ ᠶᠢ | ᠱᠠᠭᠠᠷᠳᠠᠭᠰᠠᠨ ᠳᠤ ᠲᠡᠪᠴᠢᠭᠳᠡᠭᠰᠡᠨ ᠳᠤ ᠰᠧ ᠠᠪᠤᠭᠠᠢ 12345 ᠤᠲᠠᠰᠤ ᠪᠠᠷ ᠵᠠᠭᠠᠯᠳᠤᠯᠭ᠎ᠠ ᠶᠢ ᠭᠥᠯᠢᠶᠡᠨ | ᠠᠪᠤᠮᠠᠭᠴᠠ ᠰᠢᠢᠳᠪᠦᠷᠢᠯᠡᠬᠦ ᠤᠲᠠᠰᠤ ᠪᠠᠷ ᠪᠠᠶᠢᠳᠠᠯ ᠢ ᠲᠤᠰᠬᠠᠪᠠ᠃ | ︽ᠮᠠᠨ ᠤ ᠪᠠᠶᠢᠭᠤᠯᠭ᠎ᠠ ᠵᠠᠭᠠᠯᠳᠤᠯᠭ᠎ᠠ ᠶᠢ ᠣᠯᠣᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ | ᠲᠤᠬᠠᠢ ᠶᠢᠨ ᠲᠠᠯᠠᠪᠤᠷ ᠲᠤ ᠬᠦᠷᠴᠦ ᠢᠷᠡᠭᠡᠳ᠂ ᠲᠤᠰ ᠬᠤᠳᠠᠯᠳᠤᠭᠠᠴᠢᠨ ᠤ ᠬᠤᠳᠠᠯᠳᠤᠵᠤ ᠪᠠᠶᠢᠭ᠎ᠠ | ᠬᠤᠪᠴᠠᠰᠤᠨ ᠳᠤ ᠦᠨᠡᠬᠡᠷ ᠵᠣᠬᠢᠬᠤ ᠬᠡᠮᠵᠢᠶᠡᠨ ᠤ ᠳᠤᠲᠠᠭᠳᠠᠯ ᠲᠠᠢ ᠪᠠᠶᠢᠬᠤ ᠶᠢ ᠣᠯᠵᠤ ᠮᠠᠲᠠᠵᠠᠢ᠂ ᠮᠠᠨ ᠤ | ᠪᠠᠶᠢᠭᠤᠯᠭ᠎ᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢᠨ ᠭᠤᠷᠪᠠ ᠶᠢ ᠳᠠᠭᠠᠭᠠᠬᠤ | ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠤᠳᠠᠯᠳᠤᠭᠠᠴᠢᠨ ᠡᠷᠦᠬᠡ ᠪᠣᠯᠣᠨ ᠬᠡᠷᠡᠭᠯᠡᠭᠴᠢᠳᠦᠨ | ᠬᠤᠭᠤᠷᠣᠨᠳᠤ ᠢᠳᠡᠪᠬᠢᠲᠡᠢ ᠪᠠᠷ ᠵᠥᠪᠳᠡᠯᠴᠡᠨ ᠰᠢᠢᠳᠪᠦᠷᠢᠯᠡᠵᠦ᠂ ᠡᠴᠦᠰ ᠲᠡᠭᠡᠨ ᠬᠡᠷᠡᠭᠯᠡᠭᠴᠢᠳ ᠤᠨ ᠬᠤᠪᠴᠠᠰᠤ ᠶᠢ | ᠪᠤᠴᠠᠭᠠᠵᠤ ᠥᠭᠬᠦ ᠶᠢ ᠵᠥᠪᠰᠢᠶᠡᠷᠡᠭᠰᠡᠨ ᠳᠤ ᠬᠡᠷᠡᠭᠯᠡᠭᠴᠢᠳ ᠮᠠᠰᠢ ᠬᠠᠨᠤᠮᠵᠢᠲᠠᠶ ᠪᠠᠶᠢᠨ᠎ᠠ︾᠃ ᠭᠡᠵᠦ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠢᠦᠢ ᠮᠢᠨ ᠬᠡᠯᠡᠪᠡ᠃ | ︽12345 ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠭᠦᠢᠴᠡᠳᠬᠡᠬᠦ ᠠᠵᠢᠯ ᠢ ᠬᠥᠬᠡᠬᠤᠲᠠ ᠶᠢᠨ | ᠲᠥᠪ ᠠᠴᠠ ᠨᠢᠭᠡᠳᠦᠯᠲᠡᠢ ᠲᠣᠬᠢᠷᠠᠭᠤᠯᠵᠤ᠂ ᠮᠠᠨ ᠤ ᠲᠥᠪ ᠠᠵᠢᠯ ᠤᠨ ᠬᠠᠭᠤᠳᠠᠰᠤ ᠶᠢ ᠣᠯᠣᠭᠰᠠᠨ ᠤ ᠳᠠᠷᠠᠭ᠎ᠠ᠂ | ᠬᠠᠮᠤᠭ ᠤᠨ ᠲᠡᠷᠢᠭᠦᠨ ᠳᠤ ᠭᠤᠮᠣᠳᠠᠯ ᠲᠣᠭᠠᠴᠢᠭᠴᠢ ᠲᠠᠢ ᠪᠣᠳᠠᠲᠠᠢ ᠪᠠᠶᠢᠳᠠᠯ ᠢ ᠬᠠᠷᠭᠤᠭᠤᠯᠤᠨ ᠲᠣᠳᠣᠯᠠᠵᠤ᠂ | ᠭᠤᠮᠣᠳᠠᠯ ᠲᠣᠭᠠᠴᠢᠯᠲᠠ ᠶᠢᠨ ᠠᠭᠤᠯᠭ᠎ᠠ ᠶᠢ ᠦᠨᠳᠦᠰᠦᠯᠡᠨ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠰᠢᠢᠳᠪᠦᠷᠢᠯᠡᠬᠦ | ᠨᠢᠭᠡᠴᠡ ᠳᠤ ᠴᠠᠭ ᠲᠤᠬᠠᠢ ᠳᠤᠨᠢ ᠬᠤᠪᠢᠶᠠᠷᠢᠯᠠᠨ ᠳᠠᠭᠠᠭᠠᠯᠭᠠᠨ᠎ᠠ᠂ ᠰᠢᠢᠳᠪᠦᠷᠢᠯᠡᠬᠦ ᠬᠤᠭᠤᠴᠠᠭ᠎ᠠ ᠨᠢ ᠳᠣᠯᠣᠭᠠᠨ | ᠠᠵᠢᠯᠯᠠᠬᠤ ᠡᠳᠦᠷ ᠪᠣᠯᠣᠨ᠎ᠠ᠂ ᠰᠢᠢᠳᠪᠦᠷᠢᠯᠡᠬᠦ ᠨᠢᠭᠡᠴᠡ ᠡᠷᠬᠡᠪᠰᠢ ᠰᠢᠢᠳᠪᠦᠷᠢᠯᠡᠭᠰᠡᠨ ᠦᠷ᠎ᠡ ᠳ᠋ᠦᠩ ᠢᠶᠠᠨ | ᠲᠣᠭᠲᠠᠭᠰᠠᠨ ᠬᠤᠭᠤᠴᠠᠭᠠᠨ ᠳᠤ ᠲᠠᠪᠴᠠᠩ ᠳᠤ ᠬᠠᠷᠢᠭᠤ ᠲᠤᠰᠬᠠᠪᠠ᠂ ᠡᠭᠦᠨ ᠤ ᠳᠠᠷᠠᠭ᠎ᠠ ᠮᠠᠨ ᠤ ᠲᠥᠪ ᠤᠨ | ᠠᠵᠢᠯᠲᠠᠨ ᠤᠲᠠᠰᠤ ᠪᠠᠷ ᠬᠠᠷᠢᠭᠤ ᠰᠤᠷᠪᠤᠯᠵᠢᠯᠠᠨ᠎ᠠ᠂ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠭᠤᠮᠣᠳᠠᠯ | ᠲᠣᠭᠠᠴᠢᠭᠰᠠᠳ ᠰᠡᠳᠬᠢᠯ ᠬᠠᠨᠤᠮᠵᠢᠲᠠᠶ ᠪᠠᠶᠢᠨ᠎ᠠ᠂ ᠡᠨᠡ ᠬᠦ ᠠᠵᠢᠯ ᠤᠨ ᠬᠠᠭᠤᠳᠠᠰᠤ ᠶᠢ ᠰᠢᠢᠳᠪᠦᠷᠢᠯᠡᠵᠦ | ᠳᠠᠭᠤᠰᠬᠠᠨ᠎ᠠ︾ ᠭᠡᠵᠡᠢ᠃ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠵᠢᠯᠤᠭᠤᠳᠬᠤ ᠲᠣᠬᠢᠷᠠᠭᠤᠯᠭ᠎ᠠ ᠶᠢᠨ ᠲᠥᠪ ᠤᠨ | ᠠᠵᠢᠯᠲᠠᠨ ᠵᠢᠶᠠ ᠴᠢᠶᠣᠤ ᠨᠠᠨ ᠲᠠᠨᠢᠯᠴᠠᠭᠤᠯᠵᠠᠢ᠃ | ︽12345 ᠤᠲᠠᠰᠤ ᠪᠠᠷ ᠤᠲᠠᠰᠤᠳᠠᠭᠰᠠᠨ ᠤ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠠᠵᠢᠯᠲᠠᠳ ᠮᠠᠰᠢ ᠲᠦᠷᠭᠡᠨ ᠢᠶᠠᠷ ᠨᠠᠳᠠ ᠲᠠᠢ ᠬᠠᠷᠢᠯᠴᠠᠭᠰᠠᠨ ᠶᠤᠮ᠂ ᠲᠤᠬᠠᠢ ᠶᠢᠨ ᠲᠠᠯᠠᠪᠤᠷ ᠲᠤ ᠬᠦᠷᠴᠦ ᠪᠠᠶᠢᠳᠠᠯ | ᠢ ᠣᠶᠢᠯᠠᠭᠠᠭᠰᠠᠨ ᠤ ᠳᠠᠷᠠᠭ᠎ᠠ᠂ ᠨᠡᠪᠲᠡᠷᠡᠯᠴᠡᠵᠦ ᠵᠥᠪᠳᠡᠯᠴᠡᠭᠰᠡᠨ ᠤ ᠳᠠᠷᠠᠭ᠎ᠠ ᠬᠤᠳᠠᠯᠳᠤᠭᠠᠴᠢᠨ ᠡᠴᠦᠰ ᠲᠡᠭᠡᠨ | ᠪᠤᠴᠠᠭᠠᠵᠤ ᠰᠣᠯᠢᠬᠤ ᠶᠢ ᠵᠥᠪᠰᠢᠶᠡᠷᠡᠵᠡᠢ᠂ ᠡᠭᠦᠨ ᠳᠤ ᠪᠢ ᠰᠢᠢᠳᠪᠦᠷᠢᠯᠡᠭᠰᠡᠨ ᠳ᠋ᠦᠩ ᠳᠤ ᠬᠠᠨᠤᠮᠵᠢᠲᠠᠶ ᠪᠠᠶᠢᠬᠤ ᠪᠠᠨ | ᠢᠯᠡᠳᠬᠡᠵᠡᠢ︾᠃ ᠭᠡᠵᠦ ᠰᠧ ᠠᠪᠤᠭᠠᠢ ᠰᠤᠷᠪᠤᠯᠵᠢᠯᠠᠭᠴᠢ ᠳᠤ ᠬᠡᠯᠡᠵᠡᠢ᠃ | ᠣᠶᠢᠷ᠎ᠠ ᠶᠢᠨ ᠵᠢᠯ ᠠᠴᠠ ᠨᠠᠰᠢ ᠲᠣᠭᠲᠠᠬᠤ ᠰᠢᠶᠠᠨ ᠤ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ | ᠰᠢᠢᠳᠪᠦᠷᠢᠯᠡᠬᠦ ᠲᠥᠪ ᠨᠢ ᠵᠢᠵᠢᠭ ᠰᠠᠵᠢᠭ ᠵᠦᠢᠯ ᠠᠴᠠ ᠭᠠᠷᠳᠠᠵᠤ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ | ᠂ ᠲᠦᠷᠭᠡᠨ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠨ᠂ ᠠᠷᠠᠳ ᠤᠨ ᠲᠥᠯᠥᠭᠡ | ᠤᠴᠢᠷ ᠶᠠᠪᠤᠳᠠᠯ ᠢ ᠰᠢᠢᠳᠪᠦᠷᠢᠯᠡᠬᠦ ᠳᠡᠭᠡᠨ ᠬᠤᠷᠳᠤᠴᠠ ᠲᠠᠢ᠂ ᠳᠤᠯᠠᠭᠠᠨ ᠤ ᠬᠡᠮᠵᠢᠶᠡᠲ᠋ᠡᠶ ᠪᠠᠶᠢᠯᠭᠠᠬᠤ ᠪᠠᠷ | ᠴᠢᠷᠮᠠᠶᠢᠵᠤ᠂ ︽ᠭᠠᠷᠠᠭ ᠤᠨ ᠲᠣᠬᠢᠷᠠᠭᠤᠯᠤᠯᠲᠠ ᠶᠢᠨ ᠰᠠᠷ᠎ᠠ ᠶᠢᠨ ᠦᠨᠡᠯᠡᠯᠲᠡ︾ ︽ᠵᠠᠭᠠᠯᠳᠤᠯᠭ᠎ᠠ ᠶᠢ ᠭᠥᠯᠢᠶᠡᠨ | ᠠᠪᠤᠪᠠᠯ ᠳᠠᠷᠤᠢ ᠰᠢᠢᠳᠪᠦᠷᠢᠯᠡᠬᠦ᠂ ᠵᠠᠭᠠᠯᠳᠤᠭᠰᠠᠨ ᠦᠭᠡᠢ ᠪᠠᠷ ᠤᠷᠢᠳ ᠢᠶᠠᠷ ᠰᠢᠢᠳᠪᠦᠷᠢᠯᠡᠬᠦ︾ ︽ᠬᠤᠭᠤᠴᠠᠭ᠎ᠠ | ᠠᠴᠠ ᠬᠡᠲᠦᠷᠡᠲᠡᠯ᠎ᠡ ᠰᠡᠷᠡᠮᠵᠢᠯᠡᠭᠦᠯᠬᠦ ᠳᠦᠷᠢᠮ︾ ︽ᠠᠩᠬ᠎ᠠ ᠲᠣᠮᠢᠯᠠᠬᠤ ᠬᠠᠷᠢᠭᠤᠴᠠᠯᠭ᠎ᠠ ᠶᠢᠨ ᠳᠦᠷᠢᠮ︾ ᠵᠡᠷᠭᠡ | ᠠᠵᠢᠯ ᠤᠨ ᠲᠣᠭᠲᠠᠴᠠ ᠪᠠᠷ ᠳᠠᠮᠵᠢᠭᠤᠯᠤᠨ᠂ ᠠᠷᠠᠳ ᠲᠦᠮᠡᠨ ᠳᠤ ᠦᠢᠯᠡᠴᠢᠯᠡᠬᠦ ︽ᠬᠠᠮ ᠠᠷᠭ᠎ᠠ︾ ᠶᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠨ᠎ᠠ᠃ ᠣᠲᠣ ᠪᠣᠯᠲᠠᠯ᠎ᠠ᠂ ᠬᠤᠪᠢᠶᠠᠷᠢ ᠲᠥᠪ ᠠᠴᠠ ᠬᠤᠲᠠ ᠶᠢᠨ | ᠲᠥᠪ ᠲᠤ ᠲᠣᠮᠢᠯᠠᠭᠰᠠᠨ ᠠᠵᠢᠯ ᠤᠨ ᠬᠠᠭᠤᠳᠠᠰᠤ ᠶᠢ ᠨᠡᠶᠢᠲᠡ 14634 ᠬᠤᠪᠢ ᠭᠥᠯᠢᠶᠡᠨ ᠠᠪᠴᠠᠢ᠂ ᠡᠭᠦᠨ ᠳᠤ | ᠄ 13554 ᠬᠤᠪᠢ ᠠᠵᠢᠯ ᠢ ᠰᠢᠢᠳᠪᠦᠷᠢᠯᠡᠵᠦ ᠳᠠᠭᠤᠰᠬᠠᠪᠠ᠂ ᠡᠨᠡ ᠨᠢ 92.62% ᠢ ᠡᠵᠡᠯᠡᠪᠡ︔ 2 ᠳ᠋ᠤᠭᠠᠷ | ᠰᠠᠷ᠎ᠠ ᠳᠤ ᠬᠤᠲᠠ ᠶᠢᠨ ᠲᠥᠪᠲ᠋ᠦ ᠲᠣᠮᠢᠯᠠᠭᠰᠠᠨ ᠠᠵᠢᠯ ᠤᠨ ᠬᠠᠭᠤᠳᠠᠰᠤ ᠶᠢ ᠨᠡᠶᠢᠲᠡ 152 ᠬᠤᠪᠢ ᠭᠥᠯᠢᠶᠡᠨ | ᠠᠪᠴᠤ᠂ ᠠᠶᠠᠳᠠᠨ ᠳᠠᠭᠠᠭᠰᠠᠨ ᠨᠣᠷᠮ᠎ᠠ ᠨᠢ 100%᠂ ᠰᠢᠢᠳᠪᠦᠷᠢᠯᠡᠭᠰᠡᠨ ᠨᠣᠷᠮ᠎ᠠ ᠨᠢ 97.10%᠂ | ᠬᠠᠨᠤᠮᠵᠢᠲᠠᠶ ᠨᠣᠷᠮ᠎ᠠ ᠨᠢ 97.10% ᠪᠠᠶᠢᠵᠤ᠂ ᠣᠯᠠᠨ ᠲᠦᠮᠡᠨ ᠤ ᠪᠠᠴᠢᠮ ᠪᠡᠷᠬᠡ ᠬᠦᠰᠡᠯ ᠡᠷᠡᠮᠡᠯᠵᠡᠯ ᠢ ᠦᠨᠡᠨ | ᠬᠦ ᠰᠢᠢᠳᠪᠦᠷᠢᠯᠡᠨ᠂ ᠣᠯᠠᠨ ᠲᠦᠮᠡᠨ ᠳᠤ ᠦᠢᠯᠡᠴᠢᠯᠡᠬᠦ ᠳᠤᠮᠳᠠ ᠤᠭ ᠰᠠᠨᠠᠭᠠᠨ ᠤ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠦᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ 2 ᠳ᠋ᠤᠭᠠᠷ ᠰᠠᠷ᠎ᠠ ᠳᠤ ᠬᠤᠲᠠ ᠶᠢᠨ ᠲᠥᠪ ᠲᠤ | ᠲᠣᠮᠢᠯᠠᠭᠰᠠᠨ ᠠᠵᠢᠯ ᠤᠨ ᠬᠠᠭᠤᠳᠠᠰᠤ ᠶᠢ ᠨᠡᠶᠢᠲᠡ 152 ᠬᠤᠪᠢ ᠭᠥᠯᠢᠶᠡᠨ ᠠᠪᠴᠤ᠂ ᠣᠯᠠᠨ ᠲᠦᠮᠡᠨ ᠳᠤ | ᠦᠢᠯᠡᠴᠢᠯᠡᠬᠦ ᠶᠠᠪᠤᠴᠠ ᠳᠤ ᠤᠭ ᠰᠠᠨᠠᠭᠠᠨ ᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠨ ᠪᠠᠶᠢᠨ᠎ᠠ᠃ | | |