ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/19
     2 ᠳ᠋ᠤᠭᠠᠷ ᠰᠠᠷ᠎ᠠ ᠶᠢᠨ 17  ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠤᠬᠠᠭᠤᠯᠬᠤ ᠬᠡᠯᠲᠡᠰ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠢ ᠶᠠ ᠨᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠪᠦᠬᠦ ᠰᠢᠶᠠᠨ ᠤ 20 ᠬᠠᠮᠢᠶᠠᠷᠤᠯᠲᠠ ᠶᠢᠨ ᠳᠤᠭᠤᠶᠢᠯᠠᠩ ᠤᠨ ᠬᠠᠮᠢᠶᠠᠷᠤᠯᠲᠠ ᠶᠢᠨ ᠤᠳᠤᠷᠢᠳᠤᠯᠭ᠎ᠠ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠠᠴᠠ 2022 ᠣᠨ ᠤ 12 ᠳ᠋ᠤᠭᠠᠷ ᠰᠠᠷ᠎ᠠ ᠪᠣᠯᠣᠨ 2023 ᠣᠨ ᠤ 1 ᠳ᠋ᠤᠭᠡᠷ ᠰᠠᠷ᠎ᠠ ᠳᠤ ᠮᠠᠨ ᠤ ᠰᠢᠶᠠᠨ ᠤ ᠪᠦᠬᠦ ᠬᠤᠲᠠ ᠶᠢᠨ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠠᠵᠢᠯ ᠤᠨ ᠰᠤᠷᠤᠯᠴᠠᠯᠭ᠎ᠠ ᠪᠠ ᠬᠡᠷᠡᠭᠯᠡᠯᠲᠡ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠬᠠᠮᠢᠶᠠᠷᠤᠯᠲᠠ ᠶᠢᠨ ᠳᠤᠭᠤᠶᠢᠯᠠᠩ ᠤᠨ ᠣᠳᠣᠬᠠᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠠᠮᠲᠤᠪᠠᠷ ᠵᠠᠳᠠᠯᠵᠤ᠂ ᠬᠤᠷᠠᠯ ᠳᠤ ᠣᠷᠣᠯᠴᠠᠭᠰᠠᠳ ᠬᠠᠮᠲᠤᠪᠠᠷ ᠰᠢᠢᠳᠪᠦᠷᠢᠯᠡᠬᠦ ᠠᠷᠭ᠎ᠠ ᠪᠠᠨ ᠰᠣᠯᠢᠯᠴᠠᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠳᠤᠲᠠᠭᠤᠳᠠᠯ ᠢ ᠨᠥᠬᠦᠪᠦᠷᠢᠯᠡᠬᠦ᠂ ᠭᠤᠣᠯᠳᠠᠯᠭ᠎ᠠ ᠶᠢ ᠠᠳᠬᠤᠬᠤ᠂ ᠬᠤᠷᠢᠭ᠎ᠠ ᠱᠤᠭᠤᠮ ᠢ ᠰᠠᠬᠢᠬᠤ᠂ ᠴᠢᠩᠭ᠎ᠠ ᠲᠣᠬᠢᠷᠠᠭᠤᠯᠬᠤ ᠠᠷᠭ᠎ᠠ ᠶᠢ ᠠᠪᠴᠤ᠂ ᠪᠠᠶᠢᠩᠭᠤᠵᠢᠭᠰᠠᠨ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠵᠤ᠂ ᠨᠡᠷᠡᠰ ᠢ ᠲᠠᠲᠠᠬᠤ᠂ ᠤᠯᠠᠮᠵᠢᠯᠠᠬᠤ ᠬᠠᠪᠰᠤᠷᠬᠤ ᠳᠠᠭᠠᠭᠤᠯᠬᠤ᠂ 0 ᠬᠤᠪᠢ ᠶᠢᠨ ᠰᠤᠷᠤᠬᠴᠢ ᠶᠢ ᠬᠥᠭᠵᠢᠭᠡᠬᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠬᠤ ᠵᠡᠷᠭᠡ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠵᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠶᠢ ᠠᠬᠢᠭᠤᠯᠵᠦ᠂ ᠰᠤᠷᠤᠯᠴᠠᠯᠭ᠎ᠠ ᠬᠡᠷᠡᠭᠯᠡᠭᠡ‌ᠠᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠪᠡᠶᠡᠯᠡᠭᠦᠯᠵᠡᠢ᠃      ᠬᠤᠷᠠᠯ ᠠᠴᠠ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠪᠣᠯ ︽ᠵᠣᠬᠢᠶᠠᠨ ᠪᠠᠶᠢᠭᠤᠯᠤᠯᠲᠠ ᠲᠠᠢ᠂ ᠬᠠᠮᠢᠶᠠᠷᠤᠯᠲᠠ ᠲᠠᠢ᠂ ᠵᠢᠯᠣᠭᠤᠳᠤᠯᠭ᠎ᠠ ᠲᠠᠢ᠂ ᠦᠢᠯᠡᠴᠢᠯᠡᠭᠡ ᠲᠠᠢ︾ ᠲᠠᠪᠴᠠᠩ ᠪᠣᠯᠣᠨ᠎ᠠ᠂ ᠰᠢᠨ᠎ᠡ ᠴᠠᠭ ᠦᠶ᠎ᠡ ᠶᠢᠨ ᠢᠨᠲ᠋ᠥᠷ ᠰᠦᠯᠵᠢᠶᠡᠨ ᠤ ᠰᠤᠷᠤᠯᠴᠠᠯᠭ᠎ᠠ ᠶᠢᠨ ᠬᠡᠷᠡᠭᠴᠡᠭᠡ ᠶᠢ ᠤᠯᠠᠨ ᠶᠠᠩᠵᠤᠴᠢᠯᠠᠭᠰᠠᠨ᠂ ᠥᠪᠡᠷᠮᠢᠴᠡᠵᠢᠭᠰᠡᠨ᠂ ᠣᠶᠤᠨᠴᠢᠯᠠᠭᠰᠠᠨ᠂ ᠳᠥᠭᠦᠮ ᠳᠥᠲᠡ ᠪᠣᠯᠭᠠᠭᠰᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠰᠤᠷᠤᠯᠴᠠᠯᠭ᠎ᠠ ᠬᠠᠮᠢᠶᠠᠷᠤᠯᠲᠠ ᠶᠢᠨ ᠳᠤᠭᠤᠶᠢᠯᠠᠩ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ ᠴᠡᠭ ᠲᠤ ᠬᠦᠷᠲᠡᠯ᠎ᠡ ᠨᠠᠷᠢᠯᠢᠭᠵᠢᠭᠤᠯᠵᠤ᠂ ᠱᠠᠲᠤ ᠱᠠᠲᠤ ᠪᠠᠷ ᠳᠠᠷᠤᠯᠲᠠ ᠥᠭᠴᠦ᠂ ᠲᠠᠩᠰᠠ ᠲᠤᠰᠢᠶᠠᠬᠤ ᠤᠬᠠᠮᠰᠠᠷ ᠪᠣᠯᠣᠨ ᠦᠷ᠎ᠡ ᠳ᠋ᠦᠩ ᠤᠨ ᠤᠳᠤᠷᠢᠳᠤᠮᠵᠢ ᠶᠢ ᠪᠤᠢ ᠪᠣᠯᠭᠠᠵᠤ᠂ ᠦᠨᠡᠨᠬᠦ ᠠᠳᠬᠤᠨ ᠦᠨᠡᠨᠬᠦ ᠠᠬᠢᠭᠤᠯᠵᠤ᠂ ᠨᠠᠮ ᠤᠨ ᠡᠭᠦᠷ ᠤᠨ ᠥᠷᠭᠡᠨ ᠤᠯᠠᠨ ᠨᠠᠮ ᠤᠨ ᠭᠡᠰᠢᠭᠦᠨ ᠢ ᠦᠨᠡᠨᠬᠦ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠪᠠᠷ ᠳᠠᠮᠵᠢᠭᠤᠯᠤᠨ ᠲᠤᠰ ᠪᠡᠶ᠎ᠡ ᠶᠢᠨ ᠤᠨᠤᠯ‌‍ᠤᠨ ᠮᠡᠳᠡᠯᠭᠡ ᠪᠠᠨ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠤᠷᠤᠯᠴᠠᠬᠤ ᠳᠤ ᠬᠡᠷᠡᠭᠴᠡᠭᠡ ᠲᠠᠢ᠂ ᠰᠤᠷᠤᠯᠴᠠᠬᠤ ᠳᠤ ᠠᠮᠵᠢᠯᠲᠠ ᠲᠠᠢ ᠪᠣᠯᠭᠠᠵᠤ᠂ ᠲᠤᠰ ᠪᠡᠶ᠎ᠡ ᠶᠢᠨ ᠤᠶᠤᠨ ᠰᠠᠨᠠᠭᠠᠨ ᠤ ᠭᠡᠷ ᠣᠷᠣᠨ ᠢᠶᠠᠨ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1