ᠬᠤᠶᠠᠳᠤᠭᠠᠷ ᠡᠭᠡᠯᠵᠢ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠤᠷᠬᠢᠯ ᠨᠢ 3 - 5 ᠰᠠᠷ᠎ᠠ ᠳᠤ ᠢᠷᠡᠬᠦ ᠤᠤ︖ ᠬᠤᠶᠠᠷ ᠲᠥᠷᠥᠯ ᠤᠨ ᠬᠥᠮᠦᠰ ᠣᠨᠴᠠᠭᠠᠶᠢᠯᠠᠨ ᠠᠩᠬᠠᠷᠬᠤ ᠬᠡᠷᠡᠭᠲᠡᠶ︕
ᠨᠡᠶᠢᠲᠡᠯᠡᠭᠰᠡᠨ ᠴᠠᠭ᠄
2023/2/2
    ᠬᠤᠸᠠ ᠵᠥᠩ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠲᠦᠩ ᠵᠢᠶ  ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠲᠦᠩ ᠵᠢᠶ ᠬᠠᠷᠢᠶᠠᠲᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠠᠯᠠᠭᠠᠨ ᠤ ᠡᠷᠬᠢᠯᠡᠭᠴᠢ ᠡᠮᠴᠢ ᠰᠢᠩ‌ᠮᠢᠩ ᠶᠢᠦ 1 ᠰᠠᠷ᠎ᠠ ᠶᠢᠨ 31 ᠤ ᠡᠳᠦᠷ ᠬᠥᠬᠡᠮᠥ᠋ᠷᠡᠨ ᠤ ᠡᠳᠦᠷ ᠤᠨ ᠰᠣᠨᠢᠨ ᠤ  ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ᠸᠢᠷᠦ᠋ᠰ ᠤᠨ ᠤᠬᠠᠭᠠᠨ ᠤ ᠲᠠᠯ᠎ᠠ ᠪᠠ ᠲᠠᠬᠤᠯ ᠡᠪᠡᠳᠴᠢᠨ ᠤ  ᠤᠬᠠᠭᠠᠨ ᠤ  ᠲᠠᠯ᠎ᠠ ᠠᠴᠠ  ᠠᠪᠴᠤ  ᠦᠵᠡᠪᠡᠯ᠂  ︽ᠠᠷᠭ᠎ᠠ ᠪᠠᠶᠢᠬᠰᠠᠨ ᠠᠴᠠ ᠪᠠᠨ ᠡᠷᠡᠭᠦᠯᠵᠢᠭᠰᠡᠨ︾ ᠤ ᠬᠤᠶᠢᠨ᠎ᠠ ᠪᠡᠶ᠎ᠡ ᠳᠠᠬᠢ ᠠᠨᠲ᠋ᠢᠪᠤᠳᠢ ᠶᠢᠨ ᠲᠠᠷᠬᠠᠭᠠᠯᠭ᠎ᠠ ᠨᠢ 3 ᠠᠴᠠ 6 ᠰᠠᠷ᠎ᠠ ᠶᠢᠨ ᠨᠡᠯᠢᠶᠡᠳ ᠥᠨᠳᠥᠷ ᠣᠷᠭᠢᠯ ᠤᠨ ᠬᠡᠮᠵᠢᠭᠳᠡᠯ ᠢ ᠪᠠᠲᠤᠯᠠᠵᠤ᠂ ᠣᠬᠤᠷᠬᠠᠨ ᠬᠤᠭᠤᠴᠠᠭᠠᠨ ᠳᠤ ᠳᠠᠬᠢᠨ ᠬᠠᠯᠳᠠᠪᠤᠷᠢᠯᠠᠭᠳᠠᠬᠤ ᠬᠥᠮᠦᠨ ᠵᠥᠪᠬᠡᠨ 2 % ᠤᠨ ᠲᠣᠬᠢᠶᠠᠯᠳᠤᠮᠵᠢ ᠲᠠᠢ᠃ ᠭᠡᠪᠡᠴᠦ ᠮᠠᠨ ᠤ ᠤᠯᠤᠰ ᠤᠨ ᠬᠥᠮᠦᠨ ᠠᠮᠠ ᠶᠢᠨ ᠰᠠᠭᠤᠷᠢ ᠲᠤᠭ᠎ᠠ ᠮᠠᠰᠢ ᠶᠡᠭᠡ ᠪᠤᠯᠬᠤᠷ᠂ ᠨᠢᠳᠤᠨᠤᠨ ᠤ 12 ᠰᠠᠷ᠎ᠠ ᠠᠴᠠ ᠡᠬᠢᠯᠡᠨ᠂ ᠳᠠᠬᠢᠭᠠᠳ 3 ᠠᠴᠠ 6 ᠰᠠᠷ᠎ᠠ ᠥᠩᠭᠡᠷᠡᠪᠡᠯ᠂ ᠮᠠᠨ ᠤ ᠠᠨᠲ᠋ᠢᠪᠤᠳᠢ ᠶᠢᠨ ᠲᠠᠷᠬᠠᠭᠠᠯᠭ᠎ᠠ ᠠᠭᠠᠵᠢᠮ ᠢᠶᠠᠷ ᠪᠠᠭᠤᠷᠠᠭᠰᠠᠨ ᠤ ᠳᠠᠷᠠᠭ᠎ᠠ᠂ ᠡᠨᠡ ᠦᠶ᠎ᠡ ᠳᠤ ᠬᠡᠷᠪᠡ ᠰᠢᠨ᠎ᠡ ᠸᠢᠷᠦ᠋ᠰ ᠤᠨ ᠬᠤᠪᠢᠯᠪᠤᠷᠢ ᠭᠠᠷᠪᠠᠯ᠂ ᠪᠢᠳᠡ ᠳᠠᠬᠢᠨᠲᠠ ᠬᠠᠯᠳᠠᠪᠤᠷᠢᠯᠠᠭᠳᠠᠵᠤ ᠡᠮᠴᠢᠯᠡᠭᠡᠨ ᠤ ᠢᠯᠡᠷᠡᠯ ᠭᠠᠷᠬᠤ ᠪᠣᠯᠤᠯᠴᠠᠭ᠎ᠠ ᠮᠠᠰᠢ ᠶᠡᠭᠡ ᠪᠦᠭᠡᠳ ᠮᠥᠨᠬᠦ ᠣᠷᠭᠢᠯ ᠤᠨ ᠬᠤᠭᠤᠴᠠᠭ᠎ᠠ ᠳᠤ ᠤᠷᠤᠵᠤ ᠮᠡᠳᠡᠨ᠎ᠡ ᠭᠡᠵᠦ ᠵᠠᠳᠠᠯᠤᠨ ᠬᠡᠯᠡᠪᠡ᠃              ᠫᠷᠤᠹᠧᠰᠰᠤᠷ ᠰᠢᠩ ᠮᠢᠩ ᠶᠢᠦ ᠤᠨ ᠵᠢᠱᠢᠭᠰᠡᠨ ᠢᠶᠠᠷ᠂ ᠬᠤᠶᠠᠳᠤᠭᠠᠷ ᠡᠭᠡᠯᠵᠢ ᠶᠢᠨ ᠬᠠᠯᠳᠠᠪᠤᠷᠢᠯᠠᠯ ᠤᠨ ᠣᠷᠭᠢᠯ ᠨᠢ 3- 5 ᠰᠠᠷ᠎ᠠ ᠳᠤ ᠬᠦᠷᠴᠦ ᠢᠷᠡᠬᠦ ᠮᠠᠭᠠᠳ ᠥᠬᠡᠶ᠂ ᠭᠡᠪᠡᠴᠦ ᠲᠣᠰ ᠤᠳᠠᠭᠠᠨ ᠤ  ᠬᠠᠯᠳᠠᠪᠤᠷᠢᠯᠠᠯ   ᠤᠨ ᠣᠷᠭᠢᠯ ᠳᠤ ᠣᠯᠠᠨ ᠲᠦᠮᠡᠨ ᠲᠡᠶᠢᠮᠦ ᠢᠯᠡᠷᠬᠡᠶ ᠢᠯᠡᠷᠡᠯ ᠦᠭᠡᠢ ᠪᠠᠶᠢᠵᠤ ᠮᠡᠳᠡᠨ᠎ᠡ᠃ ᠤᠴᠢᠷ ᠨᠢ ᠣᠯᠠᠨ ᠬᠦᠮᠦᠨ ᠤ ᠬᠠᠯᠳᠠᠪᠤᠷᠢᠯᠠᠭᠳᠠᠬᠰᠠᠨ ᠴᠠᠭ ᠨᠢ ᠠᠳᠠᠯᠢ ᠦᠭᠡᠢ ᠵᠥᠷᠢᠶ᠎ᠡ ᠲᠠᠢ ᠪᠠᠶᠢᠬᠤ ᠶᠢᠨ ᠳᠡᠭᠡᠷ᠎ᠡ  ᠬᠤᠶᠠᠳᠤᠭᠠᠷ ᠤᠳᠠᠭ᠎ᠠ ᠬᠠᠯᠳᠠᠪᠤᠷᠢᠯᠠᠭᠳᠠᠬᠰᠠᠨ ᠤ ᠳᠠᠷᠠᠭ᠎ᠠ᠂ ᠨᠢᠭᠡᠨ ᠰᠠᠭᠤᠷᠢ ᠪᠤᠯᠬᠤ ᠠᠨᠲ᠋ᠢᠪᠤᠳᠢ ᠶᠢᠨ ᠲᠠᠷᠬᠠᠯᠠᠭ᠎ᠠ ᠲᠠᠢ ᠪᠤᠯᠤᠬᠰᠠᠨ ᠠᠴᠠ ᠪᠣᠯᠵᠣ᠂ ᠬᠤᠶᠠᠳᠤᠭᠠᠷ ᠡᠭᠡᠯᠵᠢ ᠶᠢᠨ ᠬᠠᠯᠳᠠᠪᠤᠷᠢᠯᠠᠯ ᠳᠤ ᠬᠠᠯᠳᠠᠪᠤᠷᠢᠯᠠᠭᠳᠠᠬᠰᠠᠨ ᠬᠥᠮᠦᠨ ᠤ ᠲᠤᠭ᠎ᠠ᠂ ᠬᠠᠯᠳᠠᠪᠤᠷᠢᠯᠠᠭᠳᠠᠬᠰᠠᠨ ᠢᠯᠡᠷᠡᠯ ᠰᠢᠨᠵᠢ ᠶᠢᠨ ᠬᠦᠨᠳᠦ ᠬᠥᠩᠭᠡᠨ ᠵᠢᠴᠢ ᠴᠠᠭ ᠬᠤᠭᠤᠴᠠᠭᠠᠨ ᠲᠠᠯ᠎ᠠ ᠪᠠᠷ  ᠬᠢ ᠲᠥᠪᠯᠡᠷᠡᠯ ᠤᠨ ᠬᠡᠮᠵᠢᠶ᠎ᠡ ᠨᠢ ᠴᠥᠮ ᠨᠢᠭᠡᠳᠦᠭᠡᠷ ᠤᠳᠠᠭ᠎ᠠ ᠶᠢᠨ ᠬᠢ ᠠᠴᠠ ᠬᠤᠯᠠ ᠭᠠᠶᠢᠭᠤᠢ ᠶᠤᠮ᠃              ᠭᠧᠷᠮᠠᠨ ᠤ ᠳᠤᠮᠳᠠᠳᠤ ᠶᠢᠨ ᠤᠳᠤᠮᠲᠤ ᠸᠢᠷᠦ᠋ᠰ ᠤᠨ ᠤᠬᠠᠭᠠᠨᠲᠠᠨ᠂ ᠠᠶᠢᠰᠧᠨ ᠶᠡᠭᠡ  ᠰᠤᠷᠭᠠᠭᠤᠯᠢ ᠶᠢᠨ  ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠸᠢᠷᠦ᠋ᠰ ᠤᠨ ᠰᠤᠳᠤᠯᠭᠠᠨ ᠤ ᠭᠠᠵᠠᠷ ᠤᠨ ᠫᠷᠦᠹᠧᠰᠰᠤᠷ ᠯᠦ ᠮᠸᠡᠭ ᠵᠢᠢ 2 ᠰᠠᠷ᠎ᠠ ᠶᠢᠨ1 ᠤ ᠡᠳᠦᠷ ︽ᠳᠤᠮᠳᠠᠳᠤ ᠤᠯᠤᠰ ᠤᠨ ᠰᠣᠨᠢᠨ ᠮᠡᠳᠡᠭᠡᠨ ᠤ ᠭᠠᠷᠠᠭ ᠤᠨ ᠰᠡᠳᠬᠦᠯ︾ ᠤᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠢᠱᠢᠯᠲᠡ ᠪᠠᠷ ᠡᠨᠡ  ᠵᠢᠯ ᠤᠨ 3 ᠰᠠᠷ᠎ᠠ ᠶᠢᠨ  ᠰᠡᠭᠦᠯᠴᠢ ᠠᠴᠠ ᠡᠬᠢᠯᠡᠵᠦ᠂  ᠬᠥᠮᠦᠰ ᠤᠨ  ᠲᠠᠷᠬᠠᠯᠠᠭ᠎ᠠ ᠶᠢᠨ ᠴᠢᠳᠠᠪᠤᠷᠢ ᠪᠠᠭᠤᠷᠠᠬᠤ ᠶᠢ ᠳᠠᠭᠠᠯᠳᠤᠨ᠂ ᠬᠥᠮᠦᠰ ᠸᠢᠷᠦ᠋ᠰ ᠲᠤ ᠬᠠᠯᠳᠠᠪᠤᠷᠢᠯᠠᠬᠳᠠᠬᠤ ᠠᠶᠤᠯ ᠲᠦᠭᠰᠢᠭᠦᠷᠢ ᠨᠡᠮᠡᠭᠳᠡᠵᠦ᠂ 5᠂ 6 ᠰᠠᠷ᠎ᠠ ᠶᠢᠨ ᠦᠶ᠎ᠡ‌‍ᠳᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠮᠠᠰᠢ ᠢᠯᠡᠷᠬᠡᠢ ᠪᠤᠯᠵᠤ᠂ ᠲᠤᠬᠠᠢ ᠶᠢᠨ ᠦᠶ᠎ᠡ ᠳᠤ ᠬᠤᠶᠠᠳᠤᠭᠠᠷ ᠤᠳᠠᠭ᠎ᠠ ᠶᠢᠨ ᠲᠠᠭᠠᠷᠢᠯᠳᠠ ᠳᠤ ᠤᠴᠠᠷᠠᠵᠤ ᠮᠡᠳᠡᠨ᠎ᠡ᠃ ᠭᠡᠪᠡᠴᠦ ᠬᠤᠶᠠᠳᠤᠭᠠᠷ ᠤᠳᠠᠭᠠᠨ ᠤ ᠬᠢᠵᠢᠭ ᠤᠨ  ᠪᠠᠶᠢᠳᠠᠯ ᠨᠢ  3 ᠰᠠᠷ᠎ᠠ ᠳᠤ ᠢᠯᠡᠷᠡᠬᠦ ᠦᠦ ᠡᠰᠡᠬᠦᠯ᠎ᠡ 5᠂ 6 ᠰᠠᠷ᠎ᠠ ᠳᠤ ᠢᠯᠡᠷᠡᠬᠦ ᠦᠦ ᠭᠡᠳᠡᠭ ᠨᠢ ᠨᠢᠭᠡ ᠵᠦᠢᠯ ᠤᠨ ᠮᠠᠰᠢ ᠶᠡᠭᠡ ᠲᠠᠭᠠᠷᠢᠯᠲᠠ ᠶᠢᠨ ᠬᠦᠴᠦᠨ ᠲᠠᠢ ᠰᠢᠨ᠎ᠡ ᠸᠢᠷᠦ᠋ᠰ ᠢᠯᠡᠷᠡᠬᠦ ᠡᠰᠡᠬᠦ ᠪᠠᠷ ᠲᠣᠭᠳᠠᠭᠠᠭᠳᠠᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1