ᠲᠤᠭᠳᠠᠬᠤ ᠰᠢᠶᠠᠨ ᠤ ᠡᠪᠯᠡᠯ ᠤᠨ ᠬᠤᠷᠢᠶ᠎ᠠ᠄ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ ᠨᠠᠰᠤᠲᠠᠶᠢᠴᠤᠳ ᠢ ᠬᠦᠨᠳᠦᠯᠡᠵᠦ ᠨᠠᠰᠤᠲᠠᠶᠢᠴᠤᠳ ᠢ ᠬᠠᠶᠢᠷᠠᠯᠠᠬᠤ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2023/2/20
       ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ   ᠲᠡᠭᠡᠭᠰᠢᠯᠡᠭᠦᠯᠵᠦ᠂ ︽ᠵᠣᠯ ᠵᠢᠷᠭᠠᠯᠲᠤ ᠨᠠᠰᠤᠵᠢᠯ ᠤᠨ ᠠᠰᠠᠷᠠᠮᠵᠢ︾ ᠶᠢᠨ ᠰᠠᠭᠤᠷᠢ ᠥᠩᠭᠡ ᠶᠢ ᠠᠷᠴᠢᠵᠤ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠵᠦ᠂ ᠪᠣᠳᠠᠲᠤ ᠶᠠᠪᠤᠳᠠᠯ ᠪᠦᠲᠦᠭᠡᠵᠦ᠂ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠣᠶᠢᠷ᠎ᠠ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠰᠠᠶᠢᠨ ᠳᠤᠷ᠎ᠠ ᠶᠢᠨ ᠦᠢᠯᠡᠴᠢᠯᠡᠭᠡ ᠪᠠᠷ ᠵᠢᠯᠣᠭᠤᠳᠤᠮᠵᠢ ᠪᠣᠯᠭᠠᠵᠤ᠂ ᡁᠢ ᠵᠢᠢ ᠬᠤᠤ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ ︽ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠤᠶ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠵᠠᠩ ᠰᠤᠷᠲᠠᠯ ᠪᠣᠯᠣᠨ ᠬᠠᠷᠠᠮ ᠦᠭᠡᠢ ᠵᠣᠷᠢᠭᠤᠯᠬᠤ᠂ ᠨᠥᠬᠦᠷᠰᠡᠭ᠂ ᠬᠠᠪᠰᠤᠷᠤᠯᠴᠠᠬᠤ᠂ ᠲᠠᠪᠰᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠬᠠᠷᠢᠶᠠᠯᠠᠭᠳᠠᠬᠤ ᠲᠥᠷᠥᠭᠳᠡᠯ ᠢ ᠲᠡᠭᠡᠭᠰᠢᠯᠡᠭᠦᠯᠪᠡ᠃      ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠡᠬᠦ ᠡᠨᠡᠬᠦ ︽ᠠᠷᠠᠳ ᠤᠨ ᠠᠮᠢᠳᠤᠷᠠᠯ︾ ᠤᠨ ᠬᠦᠴᠦᠨ ᠳᠤ ᠲᠦᠰᠢᠭᠯᠡᠨ᠂ ︽ᠰᠠᠶᠢᠨ ᠳᠤᠷ᠎ᠠ ᠶᠢᠨ ᠦᠢᠯᠡᠴᠢᠯᠡᠭᠡ︾ ᠭᠡᠬᠦ ᠪᠣᠯᠪᠠᠰᠤᠨ ᠤ ᠴᠡᠴᠡᠭ ᠢ ᠲᠡᠯᠭᠡᠷᠡᠭᠦᠯᠦᠶ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠪᠤᠴᠠ ᠳᠤ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠨᠠᠰᠤᠲᠠᠶᠢᠴᠤᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠨᠠᠰᠤᠲᠠᠶᠢᠴᠤᠳ ᠤᠨ ᠠᠮᠢᠳᠤᠷᠠᠯ ᠪᠠ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠨᠠᠰᠤᠲᠠᠶᠢᠴᠤᠳ ᠤᠨ ᠰᠡᠳᠬᠢᠴᠡ᠂ ᠤᠷᠮ᠎ᠠ ᠰᠡᠳᠬᠢᠯᠭᠡ ᠶᠢᠨ ᠪᠠᠶᠢᠳᠠᠯ ᠢ ᠬᠦᠯᠢᠴᠡᠩᠭᠦᠢ ᠪᠠᠷ ᠠᠰᠠᠭᠤᠨ ᠯᠠᠪᠯᠠᠵᠤ᠂ ᠨᠠᠰᠤᠲᠠᠶᠢᠴᠤᠳ ᠢ ᠵᠢᠯᠣᠭᠤᠳᠤᠨ ᠵᠤᠭ᠎ᠠ ᠴᠡᠩᠭᠡᠯ᠂ ᠪᠡᠶ᠎ᠡ ᠶᠢᠨ ᠲᠠᠮᠢᠷ ᠤᠨ ᠬᠥᠳᠡᠯᠭᠡᠭᠡᠨ ᠵᠡᠷᠭᠡ ᠠᠷᠭ᠎ᠠ ᠬᠡᠯᠪᠡᠷᠢ ᠪᠠᠷ ᠰᠡᠳᠬᠢᠯ ᠤᠨ ᠳᠠᠷᠤᠭᠠᠰᠤ ᠶᠢ ᠨᠢ ᠲᠠᠶᠢᠳᠬᠤᠷᠠᠭᠤᠯᠵᠤ᠂ ᠨᠠᠰᠤᠲᠠᠶᠢᠴᠤᠳ ᠤᠨ ᠬᠠᠮᠤᠭ ᠰᠠᠶᠢᠨ ᠰᠡᠳᠬᠢᠴᠡ ᠶᠢᠨ ᠵᠢᠯᠣᠭᠤᠳᠤᠯᠭ᠎ᠠ ᠪᠠ ᠰᠡᠳᠬᠢᠯᠭᠡ ᠶᠢᠨ ᠲᠠᠶᠢᠳᠬᠤᠷᠠᠭᠤᠯᠤᠯ ᠪᠤᠯᠭᠠᠪᠠ᠃ ᠡᠭᠦᠨ ᠤ ᠬᠠᠮᠲᠤ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠨᠠᠰᠤᠲᠠᠶᠢᠴᠤᠳ ᠢ ᠬᠠᠪᠰᠤᠷᠤᠨ ᠴᠡᠪᠡᠷᠯᠡᠭᠡ ᠬᠢᠵᠦ᠂ ᠭᠡᠷ ᠪᠠᠶᠢᠰᠢᠩ ᠢ ᠨᠢ ᠴᠡᠪᠡᠷᠯᠡᠵᠦ᠂ ᠮᠥᠷᠥ ᠶᠢ ᠨᠢ ᠨᠤᠬᠤᠯᠠᠵᠤ ᠥᠭᠬᠦ ᠶᠢᠨ ᠬᠠᠮᠲᠤ ᠨᠠᠰᠤᠲᠠᠶᠢᠴᠤᠳ ᠲᠤ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡᠨ ᠤ ᠬᠡᠷᠡᠭᠰᠡᠯ ᠢ ᠲᠦᠭᠡᠭᠡᠨ ᠥᠭᠴᠦ᠂ ᠨᠠᠰᠤᠲᠠᠶᠢᠴᠤᠳ ᠤᠨ ᠠᠮᠢᠳᠤᠷᠠᠯ ᠤᠨ ᠣᠷᠴᠢᠨ ᠲᠣᠭᠤᠷᠢᠨ ᠢ ᠴᠡᠪᠡᠷ ᠲᠡᠭᠰᠢ ᠪᠣᠯᠭᠠᠭᠰᠠᠨ ᠢᠶᠠᠷ ᠪᠠᠷᠠᠬᠤ ᠦᠭᠡᠢ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠤ ᠳᠡᠭᠡᠭᠰᠢᠯᠡᠭᠦᠯᠵᠦ᠂ ᠨᠠᠰᠤᠲᠠᠶᠢᠴᠤᠳ ᠲᠤ ᠲᠦᠰᠢᠭ ᠲᠤᠯᠭᠠᠭᠤᠷᠢ ᠲᠠᠢ᠂ ᠬᠦᠴᠢᠷᠳᠡᠯ ᠲᠠᠢ ᠬᠥᠮᠥᠰ ᠲᠤ ᠬᠠᠪᠰᠤᠷᠤᠯᠭ᠎ᠠ ᠦᠵᠡᠭᠦᠯᠬᠦ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃      ︽ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡ ᠡᠭᠦᠷᠢᠳᠡ ᠵᠣᠭᠰᠣᠰᠢ ᠦᠭᠡᠢ᠂ ᠪᠣᠯᠪᠠᠰᠤᠨ ᠦᠢᠯᠡᠳᠦᠯᠭᠡ ᠰᠢᠨ᠎ᠡ ᠬᠠᠭᠤᠳᠠᠰᠤ ᠶᠢ ᠪᠢᠴᠢᠭᠯᠡᠪᠡ᠃ ᠵᠠᠯᠭᠠᠭᠠᠳ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ ᠤᠨ ᠥᠷᠥᠭᠡ ᠶᠢ ᠪᠠᠶᠢᠭᠤᠯᠵᠤ᠂ ︽ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠤᠯᠠᠨ ᠲᠦᠮᠡᠨ ᠬᠠᠮᠢᠭ᠎ᠠ ᠪᠠᠶᠢᠪᠠᠯ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ‌ᠢ ᠲᠡᠨᠳᠡ ᠬᠦᠷᠲᠡᠯ᠎ᠡ ᠦᠷᠭᠦᠯᠵᠢᠯᠡᠭᠦᠯᠵᠦ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠮᠡᠳᠡᠷᠡᠯ ᠢ ᠬᠥᠭᠵᠢᠭᠡᠵᠦ᠂ ᠨᠡᠩ ᠤᠯᠠᠨ ᠥᠷᠭᠡᠨ ᠤᠯᠠᠨ ᠵᠠᠯᠠᠭᠤᠴᠤᠳ ᠢ ᠲᠠᠶᠢᠴᠢᠯᠠᠨ ᠣᠷᠣᠯᠴᠠᠭᠤᠯᠵᠤ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠳᠦᠯᠭᠡ ᠶᠢᠨ ᠬᠠᠮᠤᠭ ᠤᠨ ᠬᠦᠴᠦᠷᠬᠡᠭ ᠰᠠᠭᠤᠷᠢ ᠶᠢ ᠬᠠᠮᠲᠤ ᠪᠠᠷ ᠴᠣᠭᠴᠠᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1