ᠠᠷᠪᠠᠨ ᠳᠦᠷᠪᠡᠳᠡᠢ ᠴᠢᠩᠬᠤᠸᠠ ᠳᠤ ᠡᠯᠰᠡᠭᠳᠡᠯ᠎ᠡ
ᠨᠡᠶᠢᠲᠡᠯᠡᠭᠰᠡᠨ ᠴᠠᠭ᠄
2023/2/21
     ᠭᠤᠸᠠᠩᠰᠢ ᠶᠢᠨ 14 ᠨᠠᠰᠤᠲᠠᠢ ᠠᠩᠬ᠎ᠠ ᠳᠤᠮᠳᠠᠳᠤ ᠶᠢᠨ ᠰᠣᠷᠣᠬᠴᠢ ᠭᠤᠸᠠᠨ ᠽᠢ ᠴᠢᠨ ᠤ  ᠭᠡᠷ ᠲᠤ  ᠥᠨᠥᠬᠡᠨ ᠪᠡᠶᠡᠷ ᠨᠠᠶᠢᠷ ᠪᠤᠯᠵᠦ ᠬᠦᠷ ᠬᠥᠭᠵᠢᠶᠡᠨ ᠲᠠᠢ ᠪᠠᠶᠢᠯ᠎ᠠ᠃ 14 ᠨᠠᠰᠤᠲᠠᠢ ᠭᠤᠸᠠᠨ ᠽᠢ ᠴᠢᠨ ᠴᠢᠩᠬᠤᠸᠠ ᠶᠡᠭᠡ ᠰᠤᠷᠭᠠᠭᠤᠯᠢ ᠳᠤ ᠡᠯᠰᠡᠭᠳᠡᠵᠦ᠂ ᠡᠨᠡ ᠬᠠᠪᠤᠷ ᠠᠴᠠ ᠳᠡᠯᠡᠬᠡᠢ ᠶᠢᠨ ᠲᠣᠭᠠᠨ ᠤ ᠤᠬᠠᠭᠠᠨ ᠤ ᠶᠡᠭᠡ  ᠪᠠᠭᠰᠢ ᠴᠢᠦ ᠴᠧᠩ ᠲᠦᠩ ᠠᠪᠤᠭᠠᠢ ᠳᠤ ᠱᠠᠪᠢᠯᠠᠬᠤ ᠪᠠᠷ ᠶᠠᠪᠤᠬᠤ ᠬᠡᠵᠦ ᠪᠠᠶᠢᠭ᠎ᠠ ᠨᠢ ᠡᠨᠡ ᠪᠠᠶᠢᠨ᠎ᠠ᠃                              ᠨᠢᠳᠤᠨᠤᠨ ᠤ  10  ᠳ᠋ᠣᠭᠠᠷ  ᠰᠠᠷ᠎ᠠ ᠳᠤ᠂  ᠭᠦᠢᠯᠢᠨ ᠬᠤᠲᠠ ᠶᠢᠨ ᠭᠦᠸᠧ ᠯᠦᠩ ᠤᠨ ᠭᠠᠳᠠᠭᠠᠳᠤ  ᠬᠡᠯᠡᠨ ᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠭᠤᠸᠠᠨ ᠽᠢ ᠴᠢᠨ ᠴᠢᠩᠬᠤᠸᠠ ᠶᠡᠭᠡ ᠰᠤᠷᠭᠠᠭᠤᠯᠢ ᠶᠢᠨ ᠴᠢᠦ‌‍ᠴᠧᠩ ᠲᠦᠩ ᠲᠣᠭᠠᠨ ᠤ ᠤᠬᠠᠭᠠᠨ ᠤ ᠰᠢᠨᠵᠢᠯᠡᠬᠦ ᠤᠬᠠᠭᠠᠨ ᠤ  ᠳᠠᠭᠠᠭᠤᠯᠤᠭᠴᠢ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢᠨ 2023 ᠣᠨ ᠤ ᠠᠩᠬᠠᠨ ᠤ ᠪᠦᠯᠦᠭ ᠰᠢᠯᠭᠠᠯᠲᠠ ᠳᠤ   ᠳᠡᠩᠴᠡᠭᠰᠡᠨ ᠢᠶᠠᠷ ᠴᠢᠩᠬᠤᠸᠠ ᠶᠡᠭᠡ ᠰᠤᠷᠭᠠᠭᠤᠯᠢ ᠶᠢᠨ ᠡᠯᠰᠡᠬᠦ ᠮᠡᠳᠡᠭᠳᠡᠯ ᠢ ᠳᠣᠰᠴᠦ ᠰᠢᠭᠤᠳ ᠤᠶᠤᠳᠠᠨ ᠪᠤᠯᠤᠬᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1