ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠄ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠬᠥᠳᠡᠭᠡ ᠲᠣᠰᠬᠤᠨ ᠬᠦᠷᠳᠡᠯ᠎ᠡ ᠪᠦᠷᠬᠦᠭᠦᠯᠵᠦ ᠬᠠᠤᠯᠢ ᠪᠠᠷ ᠵᠠᠰᠠᠬᠤ ᠪᠠᠷ ᠬᠦᠭᠵᠢᠯᠳᠡ ᠮᠠᠨᠳᠤᠭᠤᠯᠤᠯᠳᠠ ᠶᠢ  ᠬᠠᠮᠠᠭᠠᠯᠠᠶ᠎ᠠ
ᠨᠡᠶᠢᠲᠡᠯᠡᠭᠰᠡᠨ ᠴᠠᠭ᠄
2023/2/22
       ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠵᠢᠴᠢ ᠬᠠᠤᠯᠢ ᠪᠠᠷ ᠵᠠᠰᠠᠬᠤ ᠰᠡᠳᠬᠢᠬᠦᠢ ᠶᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠤᠯᠠᠨ ᠲᠦᠮᠡᠨ ᠤ ᠬᠡᠷᠡᠭᠴᠡᠭᠡ ᠪᠣᠯᠣᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ︽ᠵᠠᠢ ᠵᠠᠪᠰᠠᠷ ᠦᠭᠡᠢ︾ ᠪᠠᠶᠢᠬᠤ ᠶᠢ ᠪᠡᠶᠡᠯᠡᠭᠦᠯᠬᠦ ᠶᠢᠨ ᠲᠦᠯᠦᠭᠡ᠂ 2 ᠳ᠋ᠤᠭᠠᠷ ᠰᠠᠷ᠎ᠠ ᠶᠢᠨ 16  ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠴᠤ ᠬᠠᠮᠠᠭᠠᠯᠠᠬᠤ ᠲᠥᠪ ᠤᠨ ᠵᠦᠩ ᠲᠠᠨ ᠲᠣᠰᠬᠤᠨ ᠳᠤ ᠭᠦᠨᠵᠡᠭᠡᠶᠢᠷᠡᠵᠦ ︽ᠬᠠᠤᠯᠢ ᠶᠢ ᠬᠥᠳᠡᠭᠡ ᠬᠦᠷᠭᠡᠬᠦ︾ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰᠬᠤᠨ ᠤ ᠠᠷᠠᠳ ᠲᠤ ︽ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠵᠡᠷᠭᠡ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠦᠨᠡᠨ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠢᠯᠪᠠᠷ ᠣᠶᠢᠯᠠᠭᠠᠮᠵᠢᠲᠠᠢ ᠬᠡᠯᠪᠡᠷᠢ ᠪᠠᠷ ᠭᠠᠴᠠᠭᠠᠨ ᠤ ᠠᠷᠠᠳ ᠤᠨ ᠠᠩᠬᠠᠷᠴᠤ ᠪᠠᠶᠢᠭ᠎ᠠ ᠭᠡᠷ ᠳᠡᠭᠡᠨ ᠪᠠᠶᠢᠭ᠎ᠠ ᠬᠡᠦᠬᠡᠳ ᠤᠨ ᠡᠷᠬᠡ ᠠᠰᠢᠭ ᠢ ᠬᠠᠮᠠᠭᠠᠯᠠᠬᠤ᠂ ᠠᠷᠠᠳ ᠤᠨ ᠬᠤᠭᠤᠷᠣᠨᠳᠣᠬᠢ ᠵᠢᠭᠡᠯᠡᠯᠭᠡ᠂ ᠭᠠᠵᠠᠷ ᠰᠢᠷᠣᠢ ᠶᠢᠨ ᠵᠢᠭᠤᠷᠠᠯᠳᠤᠭᠠᠨ᠂ ᠭᠠᠵᠠᠷ ᠰᠢᠷᠣᠢ ᠶᠢᠨ ᠳᠠᠭᠠᠭᠠᠴᠢᠯᠠᠯᠲᠠ ᠵᠡᠷᠭᠡ ᠠᠰᠠᠭᠤᠳᠠᠯ ᠤᠨ ᠲᠣᠭᠤᠷᠢᠨ ᠳᠤ ᠬᠠᠤᠯᠢ ᠪᠠᠷ ᠵᠠᠰᠠᠬᠤ ᠤᠬᠠᠭᠤᠯᠭ᠎ᠠ ᠬᠢᠵᠦ᠂ ᠤᠯᠠᠨ ᠲᠦᠮᠡᠨ ᠤ ᠳᠡᠷᠭᠡᠳᠡ ᠲᠠᠪᠴᠠᠩ ᠪᠣᠰᠬᠠᠵᠤ᠂ ︽ᠰᠤᠳᠠᠯ ᠪᠠᠷᠢᠵᠤ ᠠᠰᠠᠭᠤᠵᠤ︾᠂ ᠲᠤᠬᠠᠢ ᠶᠢᠨ ᠲᠠᠯᠠᠪᠤᠷ ᠲᠤ ᠭᠠᠴᠠᠭᠠᠨ ᠤ ᠠᠷᠠᠳ ᠤᠨ ᠬᠠᠤᠯᠢ ᠴᠠᠭᠠᠵᠠ ᠶᠢᠨ ᠠᠰᠠᠭᠤᠳᠠᠯ ᠢ ᠬᠠᠷᠢᠭᠤᠯᠵᠠᠢ᠃      ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠨ ᠲᠦᠮᠡᠨ ᠤ ᠭᠡᠷ ᠤᠨ ᠡᠭᠦᠳᠡᠨ ᠳᠤ ᠬᠦᠷᠭᠡᠵᠦ᠂ ᠲᠣᠰᠬᠤᠨ ᠳᠤ ︿ᠬᠠᠤᠯᠢ ᠴᠠᠭᠠᠵᠠ ᠶᠢᠨ ᠤᠬᠠᠭᠠᠨ ᠲᠠᠢ ᠬᠥᠮᠥᠨ﹀ ᠢ ᠣᠯᠠᠰᠢᠷᠠᠭᠤᠯᠵᠤ᠂ ᠤᠯᠠᠨ ᠲᠦᠮᠡᠨ ᠤ ᠡᠷᠬᠡ ᠠᠰᠢᠭ ᠬᠠᠯᠳᠠᠯᠭ᠎ᠠ ᠳᠤ ᠤᠴᠠᠷᠠᠬᠤ ᠦᠶ᠎ᠡ ᠳᠤ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠶᠢ ᠣᠶᠢᠯᠠᠭᠠᠭᠤᠯᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠵᠠᠢ᠃ ᠬᠠᠤᠯᠢ ᠴᠠᠭᠠᠵᠠ ᠶᠢ ᠬᠥᠳᠡᠭᠡ ᠪᠠᠭᠤᠯᠭᠠᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠬᠥᠳᠡᠭᠡ ᠲᠣᠰᠬᠤᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠮᠳᠠ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠠᠮᠵᠢᠯᠴᠠᠨ ᠬᠦᠴᠦ ᠨᠡᠮᠡᠷᠢᠯᠡᠪᠡ᠃ ᠬᠠᠤᠯᠢ ᠴᠠᠭᠠᠵᠠ ᠶᠢ ᠭᠡᠷ ᠲᠤᠨᠢ ᠬᠦᠷᠭᠡᠬᠦ ᠨᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠡᠯᠪᠡᠷᠢ ᠶᠢ ᠰᠢᠨ᠎ᠡ ᠪᠠᠷ ᠡᠭᠦᠳᠴᠦ᠂ ᠠᠷᠠᠳ ᠤᠨ ᠠᠮᠢᠳᠤᠷᠠᠯ ᠲᠠᠢ ᠣᠶᠢᠷᠠᠳᠴᠤ᠂ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠳᠤ ᠨᠡᠩ ᠠᠰᠢᠭᠲᠠᠢ ᠪᠠᠶᠢᠵᠤ᠂ ᠬᠠᠤᠯᠢ ᠴᠠᠭᠠᠵᠠ ᠶᠢᠨ ᠲᠣᠪᠴᠢᠶ᠎ᠠ ᠪᠣᠯᠣᠨ ᠤᠯᠠᠨ ᠲᠦᠮᠡᠨ ᠤ ᠬᠤᠭᠤᠷᠣᠨᠳᠣᠬᠢ ︽ᠰᠡᠳᠬᠢᠯ ᠢ ᠬᠤᠯᠪᠣᠬᠤ ᠬᠥᠭᠦᠷᠭᠡ︾  ᠪᠠᠶᠢᠭᠤᠯᠬᠤ ᠳᠤ ᠨᠡᠩ ᠠᠰᠢᠭᠲᠠᠢ ᠶᠤᠮ᠃      ᠤᠨᠢᠨ ᠳᠡᠭᠡᠷ᠎ᠡ ᠨᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠭᠦᠨᠵᠡᠭᠡᠢ ᠠᠬᠢᠭᠤᠯᠵᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ᠂ ᠬᠠᠤᠯᠢ ᠴᠠᠭᠠᠵᠠ ᠶᠢ ᠦᠨᠡᠨᠬᠦ ᠤᠯᠠᠨ ᠲᠦᠮᠡᠨ ᠤ ᠠᠮᠢᠳᠤᠷᠠᠯ ᠳᠤ ᠭᠦᠨᠵᠡᠭᠡᠶᠢᠷᠡᠭᠦᠯᠵᠦ᠂ ᠠᠷᠠᠳ ᠤᠯᠠᠨ ᠤ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠢ ᠨᠡᠩ ᠰᠠᠶᠢᠨ ᠢᠶᠠᠷ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ  ᠪᠤᠯᠭᠠᠪᠠ᠃ ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ + ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠥᠪᠡᠷᠮᠢᠴᠡ ᠣᠨᠴᠠᠯᠢᠭ ᠲᠠᠢ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠲᠠᠰ ᠳᠡᠪᠰᠢᠬᠦ ᠶᠢ ᠠᠬᠢᠭᠤᠯᠤᠨ᠂ ᠬᠠᠤᠯᠢ ᠪᠠᠷ ᠵᠠᠰᠠᠬᠤ ᠪᠠᠷ ᠠᠶᠠᠯᠠᠯ ᠢ ᠬᠠᠮᠠᠭᠠᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ︽ᠠᠷᠠᠳ ᠤᠨ ᠲᠥᠯᠥᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1