ᠮᠠᠨ ᠤ ᠰᠢᠶᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠠᠬᠢᠭᠤᠯᠬᠤ ᠬᠤᠷᠠᠯ ᠵᠢᠴᠢ ︽ᠥᠪᠥᠷ ᠮᠣᠩᠭᠤᠯ ᠤᠨ ᠲᠠᠯ᠎ᠠ ᠨᠤᠲᠤᠭ ᠤᠨ ᠲᠣᠭᠠᠴᠢᠯᠠᠭᠰᠠᠨ ᠨᠣᠮ ᠤᠨ ᠥᠷᠥᠭᠡ︾ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/23
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠨᠠᠩ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠲᠠᠯ᠎ᠠ ᠨᠤᠲᠤᠭ‌‍ᠤᠨ ᠨᠣᠮ ᠤᠨ ᠥᠷᠥᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ︽ᠥᠪᠥᠷ ᠮᠣᠩᠭᠤᠯ ᠤᠨ ᠲᠠᠯ᠎ᠠ ᠨᠤᠲᠤᠭ ᠤᠨ ᠲᠣᠭᠠᠴᠢᠯᠠᠭᠰᠠᠨ ᠨᠣᠮ ᠤᠨ ᠥᠷᠥᠭᠡ︾ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠪᠡ᠃      ᠬᠤᠷᠠᠯ ᠨᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠶᠢᠨ ᠦᠢᠯᠡᠳᠦᠯ᠂ ᠠᠵᠢᠯ‌‍ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠬᠡᠪᠯᠡᠭᠳᠡᠬᠦᠨ ᠤ ᠶᠡᠷᠦ ᠶᠢᠨ ᠮᠡᠳᠡᠯᠭᠡ᠂ ᠨᠣᠮ ᠤᠨ ᠥᠷᠥᠭᠡ‌‍ᠶᠢᠨ ᠬᠠᠮᠢᠶᠠᠷᠤᠯᠲᠠ ᠶᠢᠨ ᠠᠵᠢᠯ ᠤᠨ ᠦᠨᠳᠦᠰᠦᠨ ᠠᠭᠤᠯᠭ᠎ᠠ ᠵᠢᠴᠢ ᠥᠪᠥᠷ ᠮᠣᠩᠭᠤᠯ ᠤᠨ ᠲᠠᠯ᠎ᠠ ᠨᠤᠲᠤᠭ ᠤᠨ ᠲᠣᠭᠠᠴᠢᠯᠠᠭᠰᠠᠨ ᠨᠣᠮ ᠤᠨ ᠥᠷᠥᠭᠡ ᠶᠢᠨ ᠵᠢᠵᠢᠭ ᠫᠷᠣᠭ᠍ᠷᠠᠮ ᠢ ᠳᠡᠩᠰᠡᠯᠡᠨ ᠬᠡᠷᠡᠭᠯᠡᠬᠦ ᠠᠷᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠭᠤᠯᠤᠯ ᠪᠠ ᠬᠠᠪᠰᠤᠷᠤᠨ ᠵᠢᠯᠣᠭᠤᠳᠤᠯᠭ᠎ᠠ ᠬᠢᠵᠦ᠂ ᠪᠣᠯᠪᠠᠰᠤᠷᠠᠭᠤᠯᠤᠯ ᠤᠨ ᠯᠧᠺᠲ᠋ᠣᠷ ᠠᠴᠠ ᠬᠤᠷᠠᠯ ᠳᠤ ᠣᠷᠣᠯᠴᠠᠭᠰᠠᠳ ᠤᠨ ᠲᠤᠬᠠᠢ ᠶᠢᠨ ᠲᠠᠯᠠᠪᠤᠷ ᠲᠤ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠪᠠ ᠰᠣᠯᠢᠯᠴᠠᠭ᠎ᠠ ᠬᠢᠵᠡᠢ᠃ ᠬᠤᠷᠠᠯ ᠠᠴᠠ ᠪᠠᠰᠠ ᠲᠠᠯ᠎ᠠ ᠨᠤᠲᠤᠭ ᠤᠨ ᠨᠣᠮ ᠤᠨ ᠥᠷᠥᠭᠡ   ᠶᠢᠨ ᠶᠠᠰᠤ ᠴᠢᠨᠠᠷ   ᠢ ᠳᠡᠭᠡᠭᠰᠢᠯᠡᠭᠦᠯᠦᠨ ᠦᠷ᠎ᠡ ᠠᠰᠢᠭ   ᠢ ᠨᠡᠮᠡᠭᠳᠡᠭᠦᠯᠬᠦ᠂ ᠭᠤᠣᠯ ᠨᠣᠮ ᠤᠨ ᠥᠷᠥᠭᠡ  ᠶᠢᠨ ᠪᠦᠲᠦᠭᠡᠨ ᠪᠠᠶᠢᠭᠤᠯᠤᠯᠲᠠ᠂ ᠪᠦᠬᠦ ᠠᠷᠠᠳ ᠤᠨ ᠨᠣᠮ ᠤᠩᠰᠢᠬᠤ ᠵᠡᠷᠭᠡ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠰᠢᠨᠬᠤᠸᠠ ᠨᠣᠮ ᠤᠨ ᠳᠡᠯᠭᠡᠭᠦᠷ ᠂ ᠬᠥᠬᠡᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠲᠣᠭᠲᠠᠬᠤ ᠰᠢᠶᠠᠨ ᠤ ᠬᠤᠪᠢᠶᠠᠷᠢ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠡᠯ᠎ᠡ ᠪᠠᠯᠭᠠᠰᠤᠨ ᠤ ᠤᠬᠠᠭᠤᠯᠬᠤ ᠭᠡᠰᠢᠭᠦᠨ᠂ ᠡᠯ᠎ᠡ ᠲᠠᠯ᠎ᠠ ᠨᠤᠲᠤᠭ ᠤᠨ ᠨᠣᠮ ᠤᠨ ᠦᠷᠦᠭᠡ ᠶᠢᠨ ᠬᠠᠮᠢᠶᠠᠷᠤᠭᠴᠢ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1