ᠲᠤᠭᠳᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠲᠤᠰᠢᠶᠠᠨ ᠭᠦᠢᠴᠡᠳᠭᠡᠯᠭᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/24
      2 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ ᠭᠦᠢᠴᠡᠳᠭᠡᠯᠭᠡᠬᠦ ᠬᠤᠷᠠᠯ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ‌‍ᠶᠢᠨ ᠬᠤᠷᠢᠶᠠᠨ ᠤ ᠳᠡᠳ᠋ ᠡᠷᠬᠢᠯᠡᠭᠴᠢ ᠹᠠᠨ ᠷᠦᠢ ᠫᠢᠩ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠴᠧᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠵᠢᠴᠢ ᠡᠯ᠎ᠡ ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠡᠯ᠎ᠡ ᠪᠠᠯᠭᠠᠰᠤ᠂ ᠬᠠᠳᠤᠨ ᠭᠤᠣᠯ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ 30 ᠭᠠᠷᠤᠢ ᠳᠠᠭᠠᠭᠠᠨ ᠡᠷᠬᠢᠯᠡᠬᠦ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠠᠨ ᠷᠦᠢ ᠫᠢᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠲᠥᠯᠥᠭᠡᠯᠡᠭᠴᠢᠳ ᠤᠨ ᠳᠤᠷᠠᠳᠤᠭᠰᠠᠨ 43 ᠰᠠᠨᠠᠭᠤᠯᠭ᠎ᠠ ᠶᠢ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠴᠧᠨ ᠳᠤ ᠲᠤᠰᠢᠶᠠᠨ ᠥᠭᠴᠦ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠶᠠᠷᠢᠶ᠎ᠠ ᠲᠠᠯᠪᠢᠵᠠᠢ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠪᠣᠯ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠠᠤᠯᠢ ᠶᠣᠰᠣᠭᠠᠷ ᠭᠦᠢᠴᠡᠳᠬᠡᠵᠦ᠂ ᠮᠠᠨ ᠤ ᠰᠢᠶᠠᠨ ᠤ ᠠᠵᠤ ᠠᠬᠤᠢ᠂ ᠰᠣᠶᠣᠯ ᠤᠨ ᠪᠠ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠳᠤ ᠣᠷᠣᠯᠴᠠᠭᠰᠠᠨ ᠤ ᠪᠣᠳᠠᠲᠠᠢ ᠢᠯᠡᠷᠡᠯ ᠮᠥᠨ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠯᠠᠭ᠎ᠠ ᠮᠥᠴᠢᠷ ᠤᠨ ᠠᠵᠢᠯ ᠤᠨ ᠣᠨ ᠤ ᠲᠥᠯᠥᠪᠯᠡᠭᠡ ᠳᠡᠭᠡᠨ ᠣᠷᠣᠭᠤᠯᠵᠤ  ᠬᠢᠨᠠᠮᠠᠭᠠᠢ ᠰᠤᠳᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠢᠢᠳᠪᠦᠷᠢᠯᠡᠬᠦ ᠡᠩᠨᠡᠭᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠦᠨ᠂ ᠰᠢᠢᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠬᠦ ᠶᠠᠪᠤᠳᠠᠯ ᠢ ᠲᠣᠪᠣᠶᠢᠮ᠎ᠠ ᠪᠠᠶᠢᠷᠢᠨ ᠳᠤ ᠦᠨᠡᠨ ᠬᠦ ᠲᠠᠯᠪᠢᠵᠤ᠂ ᠲᠥᠯᠥᠭᠡᠯᠡᠭᠴᠢᠳ ᠢ ᠰᠡᠳᠬᠢᠯ ᠬᠠᠨᠤᠮᠵᠢᠲᠠᠶ ᠪᠠᠶᠢᠯᠭᠠᠬᠤ᠂ ᠤᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠠᠰᠠᠭᠤᠳᠠᠯ   ᠢ ᠰᠢᠢᠳᠪᠦᠷᠢᠯᠡᠬᠦ ᠳᠤ ᠰᠠᠭᠤᠷᠢᠯᠠᠨ᠂ ᠰᠢᠢᠳᠪᠦᠷᠢᠯᠡᠬᠦ ᠶᠠᠰᠤ ᠴᠢᠨᠠᠷ   ᠢ ᠳᠡᠭᠡᠭᠰᠢᠯᠡᠭᠦᠯᠵᠦ᠂ ︽ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠢᠭᠤᠳ ᠠᠳᠬᠤᠬᠤ᠂ ᠲᠤᠰᠬᠠᠢ ᠬᠥᠮᠥᠨ ᠲᠣᠬᠢᠷᠠᠭᠤᠯᠵᠤ ᠪᠣᠳᠠᠲᠠᠢ ᠠᠳᠬᠤᠬᠤ︾ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢ ᠪᠠᠲᠤ ᠪᠤᠶ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠳᠤ ᠵᠢᠷᠤᠮᠯᠠᠬᠤ ᠬᠠᠤᠯᠢ ᠲᠠᠢ ᠪᠣᠯᠭᠠᠬᠤ ᠬᠡᠷᠡᠭᠲᠡᠢ ᠃ ᠳᠠᠭᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠤᠳ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠪᠤᠴᠠ ᠳᠤ ᠲᠥᠯᠥᠭᠡᠯᠡᠭᠴᠢᠳ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠯ ᠢ ᠬᠤᠷᠢᠶᠠᠵᠤ᠂ ᠲᠥᠯᠥᠭᠡᠯᠡᠭᠴᠢᠳ ᠤᠨ ᠪᠣᠳᠠᠲᠠᠢ ᠱᠠᠭᠠᠷᠳᠠᠯᠭ᠎ᠠ ᠶᠢ ᠣᠶᠢᠯᠠᠭᠠᠨ᠂ ᠲᠥᠯᠥᠭᠡᠯᠡᠭᠴᠢᠳ ᠤᠨ ᠦᠨᠡᠨ ᠪᠣᠳᠠᠲᠠᠢ ᠦᠵᠡᠯ ᠰᠠᠨᠠᠭ᠎ᠠ ᠶᠢ ᠲᠣᠳᠣᠷᠬᠠᠶᠢᠯᠠᠵᠤ᠂ ᠰᠢᠢᠳᠪᠦᠷᠢᠯᠡᠬᠦ ᠠᠷᠭ᠎ᠠ ᠶᠢ ᠬᠠᠮᠲᠤᠪᠠᠷ ᠰᠤᠳᠤᠯᠵᠤ᠂ ᠰᠢᠢᠳᠪᠦᠷᠢᠯᠡᠵᠦ ᠳᠠᠭᠤᠰᠬᠠᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠠᠴᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠵᠢᠴᠢ ᠡᠯ᠎ᠡ ᠠᠵᠢᠯ ᠤᠨ ᠵᠥᠪᠯᠡᠯ ᠤᠨ ᠬᠢᠨ ᠱᠠᠯᠠᠪᠳᠠᠭᠤᠯᠤᠨ ᠰᠢᠢᠳᠪᠦᠷᠢᠯᠡᠭᠦᠯᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠲᠤᠰ ᠲᠤᠰ ᠤᠨ ᠲᠤᠰᠬᠠᠢ ᠮᠡᠷᠭᠡᠵᠢᠯ ᠤᠨ ᠳᠠᠪᠠᠭᠤᠯᠢᠭ ᠪᠣᠯᠣᠨ ᠠᠵᠢᠯ ᠤᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠲᠤᠰᠬᠠᠯ ᠲᠥᠪᠯᠡᠷᠡᠩᠭᠦᠢ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠠᠷᠢᠨ ᠬᠢᠨᠠᠮᠠᠭᠠᠢ ᠰᠤᠳᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠠ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠢᠮᠳᠠᠭᠤᠯᠤᠨ ᠰᠢᠢᠳᠪᠦᠷᠢᠯᠡᠭᠦᠯᠬᠦ᠂ ᠬᠠᠮᠲᠤᠷᠠᠨ ᠰᠢᠮᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠮᠳᠠᠭᠤᠯᠤᠨ ᠰᠢᠢᠳᠪᠦᠷᠢᠯᠡᠭᠦᠯᠬᠦ ᠶᠠᠪᠤᠴᠠ ᠳᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠭᠦᠢᠴᠡᠳᠬᠡᠭᠰᠡᠨ ᠲᠠᠩᠰᠠ ᠡᠪᠬᠡᠮᠡᠯ᠂ ᠡᠬᠡ ᠲᠠᠩᠰᠠ ᠶᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠰᠢᠮᠳᠠᠭᠤᠯᠤᠨ ᠰᠢᠢᠳᠪᠦᠷᠢᠯᠡᠭᠦᠯᠬᠦ ᠠᠷᠭ᠎ᠠ ᠶᠢᠨ ᠰᠢᠨ᠎ᠡ ᠶᠢ ᠡᠭᠦᠳᠴᠦ᠂ ᠰᠢᠮᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠰᠢᠮᠳᠠᠭᠤᠯᠤᠨ ᠰᠢᠢᠳᠪᠦᠷᠢᠯᠡᠭᠦᠯᠬᠦ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠵᠠᠰᠠᠭ ᠤᠨ ᠣᠷᠳᠣᠨ ᠤ ᠡᠯ᠎ᠡ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠪᠠᠳᠠᠨ ᠰᠢᠢᠳᠪᠦᠷᠢᠯᠡᠭᠦᠯᠬᠦ ᠠᠵᠢᠯ ᠤᠨ ᠺᠣᠮᠢᠰ ᠬᠠᠮᠲᠤ ᠪᠠᠷ ᠴᠢᠷᠮᠠᠶᠢᠵᠤ᠂ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ ᠪᠠ ᠪᠣᠳᠠᠲᠤ ᠠᠵᠢᠯᠯᠠᠭ᠎ᠠ ᠶᠢ ᠡᠷᠬᠢᠮᠯᠡᠬᠦ ᠠᠵᠢᠯ ᠤᠨ ᠣᠪᠣᠷ ᠢᠶᠠᠷ ᠲᠥᠯᠥᠭᠡᠯᠡᠭᠴᠢᠳ ᠤᠨ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠪᠦᠬᠦ ᠰᠢᠶᠠᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1