ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/24
     2 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠰᠢᠶᠠᠨ ᠤ ᠳᠠᠷᠤᠭ᠎ᠠ ᠭᠤᠸ ᠵᠧᠩ ᠬᠤᠷᠠᠯ ᠡᠷᠭᠢᠯᠡᠪᠡ᠃      ᠬᠤᠷᠠᠯ ᠠᠴᠠ ᠲᠤᠰᠬᠠᠢ ᠵᠦᠢᠯ ᠤᠨ ᠥᠷᠢ ᠥᠭᠴᠡᠭᠡ ᠶᠢ ᠮᠡᠳᠡᠭᠦᠯᠬᠦ ᠠᠵᠢᠯ᠂ ᠱᠤᠸᠠᠩ ᠾᠧ ᠪᠠᠯᠭᠠᠰᠤᠨ ᠤ ᠡᠮᠦᠨ᠎ᠡ ᠭᠤᠤ ᠬᠤᠶᠢᠨ᠎ᠠ ᠭᠤᠤ ᠶᠢᠨ ᠪᠠᠶᠢᠰᠢᠩ ᠭᠡᠷ ᠤᠨ ᠲᠣᠭᠤᠷᠢᠭ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠥᠭᠡᠷᠡᠴᠢᠯᠡᠯᠲᠡ᠂ ᠬᠦᠨᠳᠦ ᠡᠪᠡᠳᠴᠢᠨ ᠢ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ᠂ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠤᠳᠤᠯᠪᠠ︔ ︽ᠲᠣᠭᠲᠠᠬᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠦᠪᠵᠢᠭᠦᠯᠭᠡ︾ ︵2021 ︱ 2025 ᠣᠨ︶ ᠶᠢ ᠬᠢᠨᠠᠨ ᠵᠥᠪᠯᠡᠪᠡ︔ ︽ᠥᠪᠥᠷ ᠮᠣᠩᠭᠤᠯ ᠤᠨ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠳᠦᠷᠢᠮ︾ ︵ᠲᠥᠰᠥᠯ︶᠂ ︽ᠭᠠᠵᠠᠷ ᠰᠢᠷᠣᠢ ᠶᠢ ᠰᠢᠢᠳᠪᠦᠷᠢᠯᠡᠬᠦ ᠳᠤ ᠬᠠᠩᠭᠠᠭᠰᠠᠨ ᠦᠭᠡᠢ ᠰᠤᠯᠠ ᠪᠠᠶᠢᠭ᠎ᠠ ᠭᠠᠵᠠᠷ ᠰᠢᠷᠣᠢ‌‍ᠶᠢ ᠠᠮᠢᠳᠤᠯᠢᠭᠵᠢᠭᠤᠯᠤᠨ ᠠᠰᠢᠭᠯᠠᠬᠤ ᠲᠥᠰᠥᠯ︾ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠪᠠᠶᠢᠰᠢᠩ ᠭᠡᠷ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠤ ᠳᠠᠪᠠᠭᠤᠯᠢᠭ ᠢ ᠭᠦᠢᠴᠡᠳ ᠠᠰᠢᠭᠯᠠᠨ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠴᠢᠨᠠᠷ ᠰᠠᠶᠢᠲᠠᠢ ᠡᠮᠴᠢᠯᠡᠭᠡ ᠡᠷᠡᠭᠦᠯ ᠮᠡᠨᠳᠦ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠭᠠᠵᠠᠷ ᠰᠢᠷᠣᠢ ᠶᠢ ᠡᠷᠴᠢᠮᠵᠢᠭᠦᠯᠦᠨ ᠨᠡᠭᠡᠭᠡᠨ ᠠᠰᠢᠭᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠭᠠᠵᠠᠷ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠᠯᠳᠤᠭᠠᠴᠢᠨ ᠤᠷᠢᠵᠤ ᠠᠪᠴᠢᠷᠠᠬᠤ ᠬᠢᠷᠢ ᠬᠡᠮ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠺᠠᠳ᠋ᠷᠴᠤᠳ ᠤᠨ ᠢᠯᠡᠭᠦᠬᠡᠨ ᠭᠦᠶᠦᠵᠦ᠂ ᠠᠵᠤ ᠠᠬᠤᠶᠢᠯᠠᠯ ᠲᠠᠢ ᠢᠯᠡᠭᠦᠬᠡᠨ ᠵᠣᠯᠭᠠᠭᠤᠯᠬᠤ ᠶᠢ ᠵᠣᠷᠢᠭᠵᠢᠭᠤᠯᠬᠤ ᠬᠡᠷᠡᠭᠲᠡᠢ᠃ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠬᠦᠷᠴᠦ ᠠᠵᠤ ᠠᠬᠤᠶᠢᠯᠠᠯ ᠢ ᠬᠠᠪᠰᠤᠷᠤᠨ ᠭᠠᠷᠳᠠᠮ ᠭᠦᠢᠴᠡᠳᠬᠡᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠵᠠᠰᠠᠭ‌‍ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠬᠦ᠂ ᠪᠣᠭᠤᠳᠠᠯᠯᠠᠬᠤ᠂ ᠨᠥᠭᠡᠴᠡᠯᠡᠬᠦ ᠪᠠ ᠴᠢᠷᠮᠠᠶᠢᠨ ᠣᠯᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠲᠠᠢ ᠢᠳᠡᠪᠬᠢᠲᠡᠢ ᠵᠣᠯᠭᠠᠭᠤᠯᠬᠤ ᠬᠡᠷᠡᠭᠲᠡᠢ᠃ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢ ᠪᠣᠶᠢᠵᠢᠭᠤᠯᠬᠤ᠂ ᠰᠠᠭᠠᠯᠢ ᠶᠢᠨ ᠦᠨᠢᠶ᠎ᠡ ᠶᠢᠨ ᠪᠣᠬᠢᠷᠳᠤᠯ ᠦᠭᠡᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1